蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ ᠡᠴᠡ ᠵᠢᠷᠤᠭ ᠤᠨ ᠦᠵᠡᠰᠭᠦᠯᠡᠩ ᠵᠤᠬᠢᠶᠠᠨ ᠪᠠᠶᠢᠭᠤᠯᠵᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠪᠡ

2017-08-05 16:22

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ ᠡᠴᠡ ᠵᠤᠬᠢᠶᠠᠨ ᠪᠠᠶᠢᠭᠤᠯᠤᠭᠰᠠᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ ᠶᠢᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ ᠦᠵᠡᠰᠭᠦᠯᠡᠩ 8 ᠰᠠᠷ᠎ᠠ ᠶᠢᠨ 4 ᠤ ᠡᠳᠦᠷ ᠬᠦᠬᠡᠬᠤᠲᠠ ᠶᠢᠨ ᠤᠯᠠᠨ ᠲᠦᠮᠡᠨ ᠤ ᠤᠷᠠᠯᠢᠭ ᠤᠨ ᠤᠷᠳᠤᠨ ᠳᠤ ᠨᠡᠭᠡᠭᠡᠯᠲᠡ ᠪᠡᠨ ᠬᠢᠪᠠ᠃

    ᠲᠤᠰ ᠦᠵᠡᠰᠭᠦᠯᠡᠩ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ᠂ ᠦᠪᠦᠷ ᠮᠣᠩᠭᠣᠯ ᠤᠨ ᠦᠪᠡᠷᠲᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠵᠡᠷᠭᠡ 30 ᠭᠠᠷᠤᠢ ᠪᠠᠶᠢᠭᠤᠯᠤᠯᠭ᠎ᠠ ᠨᠢᠭᠡᠴᠡ ᠶᠢᠨ 800 ᠭᠠᠷᠤᠢ ᠪᠦᠲᠦᠭᠡᠯ ᠡᠴᠡ 200 ᠶ᠋ᠢ ᠰᠢᠯᠭᠠᠷᠠᠭᠤᠯᠵᠤ ᠦᠵᠡᠰᠭᠦᠯᠡᠩ ᠳᠤ ᠳᠡᠯᠭᠡᠪᠡ᠃ ᠦᠵᠡᠰᠭᠦᠯᠡᠩ ᠳᠤ ᠭᠤᠤᠯᠳᠠᠭᠤ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ ᠪᠦᠲᠦᠭᠡᠯ ᠤᠳ ᠳᠡᠯᠭᠡᠭ᠍ᠳᠡᠵᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠲᠤᠷᠰᠢᠬᠢ ᠤᠯᠤᠰ ᠲᠦᠷᠦ᠂ ᠡᠳ᠋ ᠤᠨ ᠵᠠᠰᠠᠭ᠂ ᠨᠡᠶᠢᠭᠡᠮ᠂ ᠰᠤᠶᠤᠯ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠳᠤ ᠤᠯᠤᠭᠰᠠᠨ ᠠᠮᠵᠢᠯᠲᠠ ᠪᠦᠲᠦᠭᠡᠯ ᠢ ᠪᠦᠬᠦ ᠲᠠᠯ᠎ᠠ ᠪᠡᠷ ᠲᠤᠰᠬᠠᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121436574