蒙古文网站Logo
ᠰᠢᠨᠬᠤᠸᠠ ᠮᠤᠩᠭ᠋ᠤᠯ ᠨᠧᠲ

《ᠨᠤᠲᠤᠭ ᠤᠨ ᠪᠠᠭᠠᠴᠤᠤᠯ》ᠪᠠᠭᠠᠴᠤᠳ ᠤᠨ ᠤᠷᠠᠨ ᠪᠦᠲᠦᠭᠡᠯ ᠤᠨ ᠦᠵᠡᠰᠬᠦᠯᠡᠩ ᠦᠪᠦᠷ ᠮᠤᠩᠭᠤᠯ ᠤᠨ ᠨᠤᠮ ᠤᠨ ᠰᠠᠩ ᠳ᠋ᠤ ᠪᠤᠯᠤᠯ᠎ᠠ

2017-08-07 11:51

    ᠰᠢᠨᠬᠤᠧᠠ ᠮᠤᠩᠭᠤᠯ ᠨᠧᠲ   ᠬᠦᠬᠡᠬᠤᠲᠠ ᠶᠢᠨ 8 ᠰᠠᠷ᠎ᠠ ᠶᠢᠨ 5 ᠤ ᠡᠲᠦᠷ ᠤᠨ ᠴᠠᠬᠢᠯᠭᠠᠨ ᠮᠡᠲᠡᠭᠡ ( ᠬ•ᠦᠵᠡᠰᠭᠦᠯᠡᠩ᠂ ᠲᠠᠲᠤᠯᠭ᠎ᠠ ᠶᠢᠨ ᠰᠤᠷᠤᠭᠴᠢ ᠲᠠᠨ᠎ᠠ ) ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠬᠦ ᠪᠡᠷ ᠦᠪᠦᠷ ᠮᠤᠩᠭᠤᠯ ᠤᠨ ᠨᠤᠮ ᠤᠨ ᠰᠠᠩ ᠤᠨ ᠨᠡᠶᠢᠭᠡᠮᠯᠢᠭ ᠪᠠ ᠦᠪᠦᠷ ᠮᠤᠩᠭᠤᠯ ᠤᠨ ᠨᠤᠮ ᠤᠨ ᠰᠠᠩ ᠡᠴᠡ ᠰᠠᠨᠠᠭᠠᠴᠢᠯᠠᠵᠤ᠂ ᠦᠪᠦᠷ ᠮᠤᠩᠭᠤᠯ ᠤᠨ ᠨᠤᠮ ᠤᠨ ᠰᠠᠩ ᠤᠨ ᠮᠤᠩᠭᠤᠯ ᠨᠤᠮ ᠤᠨ ᠰᠠᠩ᠂ ᠪᠠᠭᠠᠴᠤᠳ ᠬᠡᠦᠬᠡᠳ ᠤᠨ ᠰᠠᠩ ᠡᠴᠡ ᠵᠤᠬᠢᠶᠠᠨ ᠪᠠᠶᠢᠭᠤᠯᠤᠭᠰᠠᠨ 《ᠨᠤᠲᠤᠭ ᠤᠨ ᠪᠠᠭᠠᠴᠤᠤᠯ》ᠪᠠᠭᠠᠴᠤᠳ ᠤᠨ ᠤᠷᠠᠨ ᠪᠦᠲᠦᠭᠡᠯ ᠤᠨ ᠦᠵᠡᠰᠬᠦᠯᠡᠩ 5 ᠤ ᠡᠲᠦᠷ ᠡᠴᠡ ᠡᠬᠢᠯᠡᠨ ᠦᠪᠦᠷ ᠮᠤᠩᠭᠤᠯ ᠤᠨ ᠨᠤᠮ ᠤᠨ ᠰᠠᠩ ᠤᠨ 《ᠲᠠᠯ᠎ᠠ ᠨᠤᠲᠤᠭ ᠤᠨ ᠰᠠᠭᠤᠭᠲᠠᠯ》ᠦᠵᠡᠰᠬᠦᠯᠡᠩ ᠤᠨ ᠲᠢᠩᠬᠢᠮ ᠳ᠋ᠤ ᠡᠬᠢᠯᠡᠨ ᠲᠡᠯᠭᠡᠭ᠍ᠲᠡᠪᠡ᠃

    ᠤᠶᠢᠯᠠᠭᠠᠭᠰᠠᠨ ᠢᠶᠡᠷ᠂ ᠡᠨᠡᠬᠦ ᠦᠵᠡᠰᠬᠦᠯᠡᠩ ᠳ᠋ᠤ ᠦᠪᠦᠷ ᠮᠤᠩᠭᠤᠯ ᠤᠨ 12 ᠠᠶᠢᠮᠠᠭ ᠬᠤᠲᠠ ᠶᠢᠨ ᠪᠠᠭᠠᠴᠤᠳ ᠬᠡᠦᠬᠡᠳ ᠤᠨ ᠤᠷᠠᠨ ᠵᠢᠷᠤᠭ᠂ ᠤᠷᠠᠨ ᠪᠢᠴᠢᠯᠭᠡ᠂ ᠭᠠᠷ ᠤᠷᠠᠯᠠᠯ ᠵᠡᠷᠭᠡ 150 ᠪᠦᠲᠦᠭᠡᠯ ᠢ ᠲᠡᠯᠭᠡᠨ ᠦᠵᠡᠬᠦᠯᠬᠦ ᠪᠤᠯᠤᠨ᠎ᠠ᠃ ᠡᠲᠡᠭᠡᠷ ᠤᠷᠠᠨ ᠪᠦᠲᠦᠭᠡᠯ ᠨᠢ ᠨᠠᠮᠪᠠ ᠤᠯᠠᠨ᠂ ᠠᠭᠤᠯᠭ᠎ᠠ ᠪᠠᠶᠠᠯᠢᠭ᠂ ᠦᠨᠳᠦᠰᠦᠲᠡᠨ ᠤ ᠤᠨᠴᠠᠯᠢᠭ ᠲᠤᠲᠤ᠂ ᠪᠠᠭᠠᠴᠤᠳ ᠬᠡᠦᠬᠡᠳ ᠤᠨ ᠤᠷᠠᠨ ᠰᠡᠳᠬᠢᠬᠦᠢ ᠶᠢ ᠬᠠᠷᠠᠭᠤᠯᠤᠭᠰᠠᠨ ᠢᠶᠡᠷ ᠪᠠᠷᠠᠬᠤ ᠦᠭᠡᠢ ᠨᠤᠲᠤᠭ ᠤᠰᠤᠨ ᠤ ᠦᠩᠭᠡ ᠦᠵᠡᠮᠵᠢ᠂ ᠴᠠᠭ ᠡᠷᠢᠨ ᠤ ᠬᠦᠭ᠍ᠵᠢᠯᠲᠠ ᠬᠤᠪᠢᠷᠠᠯᠲᠠ ᠶᠢ ᠲᠤᠰᠬᠠᠨ ᠲᠡᠮᠲᠡᠭᠯᠡᠭᠰᠡᠨ ᠢᠶᠡᠷ ᠤᠨᠴᠠᠯᠠᠭᠲᠠᠨ᠎ᠠ᠃

    《ᠨᠤᠲᠤᠭ ᠤᠨ ᠪᠠᠭᠠᠴᠤᠤᠯ》ᠪᠠᠭᠠᠴᠤᠳ ᠤᠨ ᠤᠷᠠᠨ ᠪᠦᠲᠦᠭᠡᠯ ᠤᠨ ᠦᠵᠡᠰᠬᠦᠯᠡᠩ 8 ᠰᠠᠷ᠎ᠠ ᠶᠢᠨ 5 ᠤ ᠡᠲᠦᠷ ᠡᠴᠡ 15 ᠤ ᠡᠲᠦᠷ ᠪᠤᠯᠲᠠᠯ᠎ᠠ ᠲᠡᠯᠭᠡᠭ᠍ᠲᠡᠨ᠎ᠡ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121442511