蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ᠄ ᠵᠤᠤ ᠵᠢᠶᠦ᠋ᠨ ᠰᠤᠶᠤᠯ ᠤᠨ ᠵᠢᠭᠤᠯᠴᠢᠯᠠᠯ ᠤᠨ ᠪᠦᠰᠡ ᠪᠠᠶᠢᠭᠤᠯᠤᠭᠳᠠᠵᠤ ᠠᠰᠢᠭᠯᠠᠯᠲᠠ ᠳᠤ ᠤᠷᠤᠪᠠ

2017-08-07 11:48

    ᠰᠢᠨᠬᠤᠸᠠ ᠬᠤᠷᠢᠶ᠎ᠠ   ᠬᠦᠬᠡᠬᠤᠲᠠ ᠶᠢᠨ 8 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠯᠢ ᠶᠦᠨ ᠫᠢᠩ) ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠬᠦᠬᠡᠬᠤᠲᠠ ᠶᠢᠨ ᠵᠤᠤ ᠵᠢᠶᠦ᠋ᠨ ᠰᠤᠶᠤᠯ ᠤᠨ ᠵᠢᠭᠤᠯᠴᠢᠯᠠᠯ ᠤᠨ ᠪᠦᠰᠡ 5 ᠤ ᠡᠳᠦᠷ ᠪᠠᠶᠢᠭᠤᠯᠤᠭᠳᠠᠵᠤ ᠠᠰᠢᠭᠯᠠᠯᠲᠠ ᠳᠤ ᠤᠷᠤᠪᠠ᠃

    ᠵᠤᠤ ᠵᠢᠶᠦ᠋ᠨ ᠤ ᠪᠤᠩᠬᠤᠨ ᠢ ᠪᠠᠰᠠ《ᠪᠤᠯᠠᠰᠢ》 ᠭᠡᠳᠡᠭ᠂ ᠬᠦᠬᠡᠬᠤᠲᠠ ᠶᠢᠨ ᠡᠮᠦᠨ᠎ᠠ ᠲᠡᠭᠦᠷᠭᠡ ᠡᠴᠡ ᠶᠢᠰᠦᠨ ᠺᠢᠯᠦᠮᠸᠲ᠋ᠷ ᠵᠠᠶᠢᠳᠠᠢ ᠶᠡᠬᠡ ᠲᠤᠷᠭᠠᠨ ᠭᠤᠤᠯ ᠤᠨ ᠡᠮᠦᠨ᠎ᠠ ᠡᠷᠭᠢ ᠳᠤ ᠪᠠᠶᠢᠷᠢᠯᠠᠵᠤ᠂ ᠪᠠᠷᠠᠭᠤᠨ ᠬᠠᠨ ᠤᠯᠤᠰ ᠤᠨ ᠦᠶ᠎ᠠ ᠳᠤ ᠠᠩᠬ᠎ᠠ ᠪᠠᠶᠢᠭᠤᠯᠤᠭᠳᠠᠵᠠᠢ᠃ 2007 ᠤᠨ ᠳᠤ ᠵᠤᠤ ᠵᠢᠶᠦ᠋ᠨ ᠮᠦᠽᠸᠢ ᠬᠡᠮᠡᠨ ᠬᠠᠯᠠᠨ ᠨᠡᠷᠡᠶᠢᠳᠦᠪᠡ᠃

    ᠵᠤᠤ ᠵᠢᠶᠦ᠋ᠨ ᠰᠤᠶᠤᠯ ᠢ ᠤᠯᠠᠮ ᠴᠢᠨᠠᠭᠰᠢᠲᠠ ᠪᠠᠳᠠᠷᠠᠭᠤᠯᠬᠤ ᠶᠢᠨ ᠲᠦᠯᠦᠭᠡ᠂ ᠬᠦᠬᠡᠬᠤᠲᠠ 2016 ᠤᠨ ᠤ 5 ᠰᠠᠷ᠎ᠠ ᠡᠴᠡ ᠡᠬᠢᠯᠡᠨ ᠵᠢᠭᠤᠯᠴᠢᠯᠠᠯ ᠤᠨ ᠪᠦᠰᠡ ᠶᠢᠨ ᠲᠦᠰᠦᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠤ᠂ ᠤᠤᠯ ᠤᠨ ᠰᠠᠭᠤᠷᠢᠨ ᠳᠡᠭᠡᠷ᠎ᠠ ᠨᠢ ᠮᠦᠽᠸᠢ᠂ ᠬᠠᠭᠠᠨ ᠤ ᠪᠤᠩᠬᠤᠨ᠂ ᠵᠢᠭᠤᠯᠴᠢᠯᠠᠯ ᠤᠨ ᠬᠦᠷᠢᠶᠡᠯᠡᠩ ᠭᠤᠷᠪᠠᠨ ᠲᠤᠮᠤ ᠪᠦᠰᠡ ᠶᠢ ᠪᠠᠶᠢᠭᠤᠯᠵᠤ᠂ ᠡᠵᠡᠯᠡᠬᠦ ᠲᠠᠯᠠᠪᠠᠢ ᠶᠢ ᠤᠤᠯ ᠤᠨ 195 ᠮᠤ ᠪᠠᠶᠢᠭᠰᠠᠨ ᠡᠴᠡ 683.5 ᠮᠤ ᠪᠤᠯᠭᠠᠨ ᠦᠷᠭᠡᠳᠭᠡᠪᠡ᠃

    ᠰᠢᠨ᠎ᠠ ᠪᠡᠷ ᠪᠠᠶᠢᠭᠤᠯᠤᠭᠰᠠᠨ ᠵᠤᠤ ᠵᠢᠶᠦ᠋ᠨ ᠮᠦᠽᠸᠢ ᠨᠢ《ᠨᠠᠶᠢᠷᠠᠮᠳᠠᠬᠤ》 ᠰᠤᠶᠤᠯ ᠢᠶᠡᠷ ᠭᠤᠤᠯ ᠰᠡᠳᠦᠪ ᠪᠤᠯᠭᠠᠪᠠ᠃ ᠬᠠᠨ ᠬᠦᠷᠦᠨ ᠤ ᠦᠶ᠎ᠠ ᠶᠢᠨ ᠪᠠᠷᠢᠯᠭ᠎ᠠ ᠶᠢᠨ ᠬᠡᠪ ᠨᠠᠮᠪᠠᠭ᠎ᠠ ᠶᠢ ᠳᠠᠭᠤᠷᠢᠶᠠᠨ ᠪᠠᠶᠢᠭᠤᠯᠵᠤ᠂ ᠪᠠᠲᠤ ᠪᠡᠬᠢ ᠦᠨᠢ ᠤᠳᠠᠭᠠᠨ᠂ ᠡᠭᠡᠯ ᠳᠠᠷᠤᠤ ᠬᠢᠷᠢᠨ᠎ᠠ ᠭᠡᠷᠡᠯ ᠰᠠᠴᠤᠷᠠᠩᠭ᠋ᠤᠢ ᠰᠤᠶᠤᠯ ᠤᠨ ᠠᠭᠤᠷ ᠠᠮᠢᠰᠬᠤᠯ ᠪᠢᠯᠬᠠᠵᠤ᠂ ᠵᠤᠤ ᠵᠢᠶᠦ᠋ᠨ ᠪᠤᠯᠤᠨ ᠾᠦ᠋ᠩᠨᠦ ᠪᠡᠷ ᠭᠤᠤᠯ ᠰᠡᠳᠦᠪ ᠪᠤᠯᠭᠠᠭᠰᠠᠨ ᠬᠤᠶᠠᠷ ᠲᠤᠮᠤ ᠦᠵᠡᠰᠭᠦᠯᠡᠩ ᠤᠨ ᠲᠢᠩᠬᠢᠮ ᠲᠠᠢ᠃ ᠬᠠᠭᠠᠨ ᠤ ᠪᠤᠩᠬᠤᠨ ᠤ ᠪᠦᠰᠡᠨ ᠳᠤ ᠪᠤᠯᠠᠰᠢ᠂ ᠲᠠᠬᠢᠯ ᠤᠨ ᠲᠠᠯᠠᠪᠠᠢ ᠵᠢᠴᠢ ᠡᠶ᠎ᠠ ᠨᠠᠶᠢᠷᠠᠮᠳᠠᠭᠤ ᠤᠷᠳᠤᠨ᠂ 5D ᠺᠢᠨᠤ᠋ ᠶᠢᠨ ᠤᠷᠳᠤᠨ᠂ ᠴᠠᠨ ᠢᠦᠢ ᠶᠢᠨ ᠬᠦᠰᠢᠬᠡ ᠵᠡᠷᠭᠡ ᠦᠵᠡᠮᠦᠷᠢ ᠶᠢᠨ ᠤᠷᠤᠨ ᠲᠠᠢ᠃ ᠵᠢᠭᠤᠯᠴᠢᠯᠠᠯ ᠤᠨ ᠬᠦᠷᠢᠶᠡᠯᠡᠩ ᠳᠤ ᠵᠤᠤ ᠵᠢᠶᠦ᠋ᠨ ᠤ ᠪᠤᠭᠤᠮᠳᠠ ᠶᠢᠨ ᠭᠠᠳᠠᠨ᠎ᠠ ᠮᠤᠷᠳᠠᠬᠰᠠᠨ ᠵᠡᠷᠭᠡ ᠲᠤᠮᠤ ᠬᠡᠯᠪᠡᠷᠢ ᠶᠢᠨ ᠱᠤᠭᠤᠮᠠᠯ ᠤᠨ ᠦᠵᠡᠮᠵᠢ ᠲᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121442965