蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠳᠤᠲᠤᠭᠠᠲᠤ ᠶᠢᠨ ᠬᠠᠮᠤᠭ ᠤᠨ ᠠᠩᠬᠠᠨ ᠤ ᠲᠠᠯ᠎ᠠ ᠨᠤᠲᠤᠭ ᠤᠨ ᠮᠤᠷᠢᠲᠤ ᠴᠡᠷᠢᠭ᠌ ᠤᠨ ᠰᠡᠳᠦᠪᠲᠤ ᠤᠯᠠᠨ ᠠᠩᠭᠢᠳᠤ ᠺᠢᠨᠤ᠋ ᠦᠪᠦᠷ ᠮᠣᠩᠭᠣᠯ ᠳᠤ ᠰᠡᠭᠦᠳᠡᠷᠯᠡᠨ ᠡᠬᠢᠯᠡᠪᠡ

2017-08-08 15:53

    ᠰᠢᠨᠬᠤᠸᠠ ᠨᠸᠲ   ᠬᠦᠬᠡᠬᠤᠲᠠ ᠶᠢᠨ 8 ᠰᠠᠷ᠎ᠠ ᠶᠢᠨ 7 ᠤ ᠡᠳᠦᠷ ᠤᠨ ᠴᠠᠬᠢᠯᠠᠭᠠᠨ ᠮᠡᠳᠡᠭᠡ ( ᠰᠤᠷᠪᠤᠯᠵᠢᠯᠠᠭᠴᠢ ᠸᠸᠢ ᠵᠢᠩ ᠢᠦᠢ) 5 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ ᠪᠡᠯᠡᠳᠭᠡᠨ ᠵᠢᠷᠤᠭᠯᠠᠬᠤ ᠴᠢᠬᠤᠯᠠ ᠬᠤᠪᠢᠰᠬᠠᠯ ᠤᠨ ᠰᠡᠳᠦᠪᠲᠤ ᠺᠢᠨᠤ᠋ ᠵᠢᠴᠢ ᠤᠯᠠᠨ ᠠᠩᠭᠢᠳᠤ ᠺᠢᠨᠤ᠋《 ᠲᠠᠯ᠎ᠠ ᠨᠤᠲᠤᠭ ᠤᠨ ᠮᠤᠷᠢᠳᠦ ᠴᠡᠷᠢᠭ᠌》 ᠤᠨ ᠡᠬᠢᠯᠡᠯᠲᠡ ᠶᠢᠨ ᠶᠤᠰᠤᠯᠠᠯ ᠬᠦᠬᠡᠬᠤᠲᠠ ᠳᠤ ᠪᠤᠯᠪᠠ᠃

    ᠲᠤᠰ ᠪᠦᠲᠦᠭᠡᠯ ᠳᠤ ᠦᠪᠦᠷ ᠮᠣᠩᠭᠣᠯ ᠤᠨ ᠮᠤᠷᠢᠲᠤ ᠴᠡᠷᠢᠭ᠌ ᠤᠨ ᠪᠠᠶᠢᠯᠳᠤᠭᠠᠨ ᠤ ᠠᠮᠢᠳᠤᠷᠠᠯ ᠢ ᠵᠢᠷᠤᠭᠯᠠᠬᠤ ᠶᠤᠮ ᠪᠠᠶᠢᠨ᠎ᠠ᠃ ᠡᠨᠡ ᠨᠢ ᠤᠯᠤᠰ ᠤᠨ ᠲᠤᠳᠤᠭᠠᠲᠤ ᠶᠢᠨ ᠬᠠᠮᠤᠭ ᠤᠨ ᠠᠩᠬᠠᠨ ᠤ ᠮᠤᠷᠢᠲᠤ ᠴᠡᠷᠢᠭ᠌ ᠤᠨ ᠰᠡᠳᠦᠪᠲᠤ ᠤᠯᠠᠨ ᠠᠩᠭᠢᠳᠤ ᠺᠢᠨᠤ᠋ ᠪᠤᠯᠤᠨ᠎ᠠ᠃

    《〈 ᠲᠠᠯ᠎ᠠ ᠨᠤᠲᠤᠭ ᠤᠨ ᠮᠤᠷᠢᠳᠦ ᠴᠡᠷᠢᠭ〉 ᠲᠤ ᠶᠠᠫᠤᠨ ᠢ ᠡᠰᠡᠷᠭᠦᠴᠡᠬᠦ ᠳᠠᠶᠢᠨ ᠪᠤᠯᠤᠨ ᠴᠢᠯᠦᠭᠡᠯᠡᠬᠦ ᠳᠠᠶᠢᠨ ᠤ ᠦᠶ᠎ᠠ ᠳᠤ ᠦᠪᠦᠷ ᠮᠣᠩᠭᠣᠯ ᠤᠨ ᠮᠤᠷᠢᠲᠤ ᠴᠡᠷᠢᠭ᠌ ᠪᠤᠢ ᠪᠤᠯᠤᠭᠰᠠᠨ ᠪᠠ ᠬᠦᠭ᠍ᠵᠢᠭ᠍ᠰᠠᠨ ᠵᠢᠴᠢ ᠪᠦᠬᠦᠳᠡ ᠨᠡᠶᠢᠷᠡᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠳᠤ ᠠᠭᠤᠤ ᠶᠡᠬᠡ ᠬᠤᠪᠢ ᠨᠡᠮᠡᠷᠢ ᠦᠵᠡᠭᠦᠯᠦᠭᠰᠡᠨ ᠦᠢᠯᠡ ᠶᠠᠪᠤᠳᠠᠯ ᠢ ᠲᠤᠭᠠᠴᠢᠪᠠ》ᠭᠡᠵᠤ ᠺᠢᠨᠤ᠋ ᠦᠢᠯᠡᠳᠦᠭᠴᠢ ᠮᠢᠩ ᠯᠠᠩ ᠲᠠᠨᠢᠯᠴᠠᠭᠤᠯᠤᠯ᠎ᠠ᠃ ᠲᠤᠰ ᠵᠦᠴᠦᠬᠡ ᠨᠢᠭᠡᠨᠲᠡ《 ᠴᠦᠭᠡᠨ ᠲᠤᠭᠠᠲᠤ ᠦᠨᠳᠦᠰᠦᠲᠡᠨ ᠤ ᠺᠢᠨᠤ᠋ ᠶᠢᠨ ᠢᠨᠵᠸᠨ᠋ᠸᠷᠢᠩ》 ᠳᠤ ᠵᠢᠬᠰᠠᠭᠠᠭᠳᠠᠵᠠᠢ᠃ ᠺᠢᠨᠤ᠋ ᠪᠤᠯᠤᠨ ᠤᠯᠠᠨ ᠠᠩᠭᠢᠲᠤ ᠺᠢᠨᠤ᠋ ᠵᠡᠷᠭᠡ ᠪᠡᠷ ᠡᠬᠢᠯᠡᠨ ᠵᠢᠷᠤᠭᠯᠠᠵᠤ᠂ ᠳᠠᠷᠠᠭ᠎ᠠ ᠵᠢᠯ ᠦᠵᠡᠭᠴᠢᠳ ᠲᠠᠢ ᠵᠤᠯᠭᠠᠬᠤ ᠪᠡᠷ ᠲᠦᠯᠦᠪᠯᠡᠵᠤ ᠪᠤᠢ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121450709