蒙古文网站Logo
ᠰᠢᠨᠬᠤᠸᠠ ᠮᠤᠩᠭ᠋ᠤᠯ ᠨᠧᠲ

ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠢᠭᠮᠡᠨ ᠰᠢᠲᠠᠷ᠎ᠠ ᠶᠢᠨ ᠶᠡᠬᠡ ᠬᠤᠷᠠᠯ ᠤᠷᠳᠤᠰ ᠳᠤ ᠡᠬᠢᠯᠡᠪᠡ

2017-08-11 18:25

    ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠢᠭᠮᠡᠨ ᠰᠢᠲᠠᠷ᠎ᠠ ᠶᠢᠨ ᠶᠡᠬᠡ ᠬᠤᠷᠠᠯ 8 ᠤ ᠡᠳᠦᠷ ᠦᠪᠦᠷ ᠮᠣᠩᠭᠣᠯ ᠤᠨ ᠤᠷᠳᠤᠰ ᠬᠤᠲᠠ ᠳᠤ ᠡᠬᠢᠯᠡᠪᠡ᠃ ᠲᠤᠰ ᠠᠵᠢᠯᠯᠠᠭ᠎ᠠ ᠨᠢ 11 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 16 ᠲᠦᠷᠦᠯ ᠤᠨ ᠮᠢᠭᠮᠡᠨ ᠰᠢᠲᠠᠷ᠎ᠠ  ᠶᠢᠨ ᠤᠷᠤᠯᠳᠤᠭᠠᠨ ᠵᠤᠬᠢᠶᠠᠨ ᠪᠠᠶᠢᠭᠤᠯᠬᠤ ᠪᠡᠷ ᠢᠶᠡᠨ ᠤᠯᠤᠰ ᠤᠨ ᠲᠤᠳᠤᠭᠠᠲᠤ ᠳᠡᠬᠢ ᠶᠡᠷᠦᠩᠬᠡᠶᠢᠯᠡᠭᠰᠡᠨ ᠴᠢᠨᠨᠠᠷᠲᠠᠢ ᠮᠢᠭᠮᠡᠨ ᠰᠢᠲᠠᠷ᠎ᠠ ᠶᠢᠨ ᠤᠷᠤᠯᠳᠤᠭᠠᠨ ᠤ ᠬᠠᠮᠤᠭ ᠤᠳ ᠪᠤᠯᠤᠭᠰᠠᠨ ᠪᠠᠶᠢᠨ᠎ᠠ᠃

    ᠲᠤᠰ ᠤᠳᠠᠭᠠᠨ ᠤ ᠤᠷᠤᠯᠳᠤᠭᠠᠨ ᠳᠤ᠂ ᠡᠯ᠎᠎ᠠ ᠪᠦᠰᠡ ᠨᠤᠲᠤᠭ ᠤᠨ ᠰᠢᠲᠡᠷᠴᠢᠳ ᠤᠯᠤᠰ ᠳᠠᠶᠠᠭᠠᠷ ᠤᠨ ᠮᠢᠭᠮᠡᠨ ᠰᠢᠲᠠᠷ᠎ᠠ ᠶᠢᠨ ᠪᠠᠭ ᠤᠨ ᠱᠠᠩᠨᠠᠯᠲᠤ ᠤᠷᠤᠯᠳᠤᠭᠠᠨ ᠳᠤ ᠮᠦᠷᠦᠶᠢᠴᠡᠵᠤ᠂ ᠰᠢᠲᠠᠷ᠎ᠠ ᠶᠢᠨ ᠲᠤᠷ᠎ᠠ ᠪᠠᠬᠠᠲᠠᠳ ᠮᠡᠷᠡᠽᠤᠨ ᠮᠢᠭᠮᠡᠨ ᠰᠢᠲᠠᠷ᠎ᠠ ᠶᠢᠨ ᠤᠷᠤᠯᠳᠤᠭᠠᠨ᠂ ᠫᠢᠸᠤ᠋ ᠶᠢᠨ ᠮᠢᠭᠮᠡᠨ ᠰᠢᠲᠠᠷ᠎ᠠ ᠶᠢᠨ ᠤᠷᠤᠯᠳᠤᠭᠠᠨ᠂ ᠬᠡᠤᠬᠡᠳ ᠪᠠᠭᠠᠴᠤᠳ ᠤᠨ ᠮᠢᠭᠮᠡᠨ ᠰᠢᠲᠠᠷ᠎ᠠ ᠶᠢᠨ ᠤᠷᠤᠯᠳᠤᠭᠠᠨ᠂ ᠲᠦᠷᠭᠡᠨ ᠤᠷᠤᠯᠳᠤᠭᠠᠨ ᠵᠡᠷᠭᠡ ᠰᠤᠨᠢᠷᠬᠠᠯᠲᠤ ᠤᠷᠤᠯᠳᠤᠭᠠᠨ ᠳᠤ ᠤᠷᠤᠯᠴᠠᠵᠤ ᠪᠤᠯᠤᠨ᠎ᠠ᠃ ᠤᠬᠠᠭᠠᠯᠢᠭ ᠰᠢᠲᠠᠷ᠎ᠠ ᠶᠢᠨ ᠤᠷᠤᠯᠳᠤᠭᠠᠨ ᠳᠤ ᠳᠤᠷ᠎ᠠ ᠪᠠᠬᠠᠲᠠᠢ ᠬᠦᠮᠦᠰ ᠪᠠᠰᠠ ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠤᠬᠠᠭᠠᠯᠢᠭ ᠮᠢᠭᠮᠡᠨ ᠰᠢᠲᠠᠷ᠎ᠠ ᠶᠢᠨ ᠢᠯᠡ ᠤᠷᠤᠯᠳᠤᠭᠠᠨ ᠢ ᠰᠤᠨᠢᠷᠬᠠᠬᠤ ᠵᠡᠪᠰᠢᠶᠠᠨ ᠲᠠᠢ᠃ ᠤᠷᠤᠯᠳᠤᠭᠠᠨ ᠤ ᠰᠡᠭᠦᠯ ᠤᠨ ᠡᠳᠦᠷ᠂ ᠤᠬᠠᠭᠠᠯᠢᠭ ᠮᠢᠭᠮᠡᠨ ᠰᠢᠲᠠᠷ᠎ᠠ  ᠶᠢᠨ ᠤᠷᠤᠯᠳᠤᠭᠠᠨ ᠤ ᠮᠠᠩᠯᠡᠶᠢᠯᠡᠬᠴᠢ ᠨᠢ ᠬᠦᠮᠦᠨ ᠲᠠᠢ ᠤᠷᠤᠯᠳᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121470687