蒙古文网站Logo
ᠰᠢᠨᠬᠤᠸᠠ ᠮᠤᠩᠭ᠋ᠤᠯ ᠨᠧᠲ

ᠳᠦᠷᠪᠡᠳᠦᠭᠡᠷ ᠬᠤᠭᠤᠴᠠᠭᠠᠨ ᠤ ᠦᠪᠦᠷ ᠮᠣᠩᠭᠣᠯ ( ᠤᠯᠠᠨ ᠤᠯᠤᠰ) ᠤᠨ ᠮᠤᠷᠢᠨ ᠮᠡᠷᠭᠡᠵᠢᠯ ᠤᠨ ᠨᠠᠶᠢᠷ ᠦᠪᠦᠷ ᠮᠣᠩᠭᠣᠯ ᠤᠨ ᠮᠤᠷᠢᠨ ᠤᠷᠤᠯᠳᠤᠭᠠᠨ ᠤ ᠲᠠᠯᠠᠪᠠᠢ ᠳᠤ ᠡᠬᠢᠯᠡᠪᠡ

2017-08-12 17:05

    8 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠠ᠂ ᠳᠦᠷᠪᠡᠳᠦᠭᠡᠷ ᠬᠤᠭᠤᠴᠠᠭᠠᠨ ᠤ ᠦᠪᠦᠷ ᠮᠣᠩᠭᠣᠯ ( ᠤᠯᠠᠨ ᠤᠯᠤᠰ) ᠤᠨ ᠮᠤᠷᠢᠨ ᠮᠡᠷᠭᠡᠵᠢᠯ ᠤᠨ ᠨᠠᠶᠢᠷ ᠦᠪᠦᠷ ᠮᠣᠩᠭᠣᠯ ᠤᠨ ᠮᠤᠷᠢᠨ ᠤᠷᠤᠯᠳᠤᠭᠠᠨ ᠤ ᠲᠠᠯᠠᠪᠠᠢ ᠳᠤ ᠡᠬᠢᠯᠡᠪᠡ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠲᠡᠳ᠋ ᠱᠦᠵᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠮᠤᠷᠢᠨ ᠮᠡᠷᠭᠡᠵᠢᠯ ᠤᠨ ᠨᠠᠶᠢᠷ ᠡᠬᠢᠯᠡᠭᠰᠡᠨ ᠢ ᠵᠠᠷᠯᠠᠪᠠ᠂ ᠦᠪᠦᠷ ᠮᠣᠩᠭᠣᠯ ᠤᠨ ᠤᠯᠤᠰ ᠲᠦᠷᠦ ᠶᠢᠨ ᠵᠦᠪᠯᠡᠯᠭᠡᠨ ᠤ ᠲᠠᠷᠢᠭᠦᠯᠡᠭᠴᠢ ᠷᠸᠨ ᠶᠠ ᠫᠢᠩ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠽᠸᠩ ᠡᠢ ᠴᠦᠨ᠂ ᠪᠠᠢ ᠢᠦᠢ ᠭᠠᠩ᠂ ᠡᠦ ᠲᠤᠸᠠᠨ ᠶᠢᠩ᠂ ᠯᠢᠦ ᠰᠢᠨ ᠯᠸ᠂ ᠸᠠᠩ ᠵᠦᠩ ᠾᠸ᠂ ᠵᠠᠩ ᠶᠢᠩ ᠺᠦᠢ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃ ᠯᠢᠦ ᠰᠢᠨ ᠯᠸ ᠡᠬᠢᠯᠡᠯᠲᠡ ᠶᠢᠨ ᠶᠤᠰᠤᠯᠠᠯ ᠳᠤ ᠦᠭᠡ ᠬᠡᠯᠡᠪᠡ᠃

    ᠲᠤᠰ ᠤᠳᠠᠭᠠᠨ ᠤ ᠨᠠᠶᠢᠷ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠷᠪᠠᠨ ᠬᠤᠶᠠᠷ ᠲᠦᠷᠦᠯ ᠤᠨ ᠭᠤᠤᠯᠳᠠᠯᠭ᠎ᠠ ᠲᠠᠢ ᠰᠫᠤᠷᠲ ᠤᠨ ᠠᠵᠢᠯᠯᠠᠭᠠᠨ ᠤ ᠨᠢᠭᠡ ᠮᠦᠨ᠃ ᠮᠤᠷᠢᠨ ᠮᠡᠷᠭᠡᠵᠢᠯ ᠤᠨ ᠨᠠᠶᠢᠷ ᠨᠢ《 ᠪᠠᠶᠠᠷ ᠪᠠᠶᠠᠰᠤᠯ· ᠤᠯᠠᠮᠵᠢᠯᠠᠭ᠎ᠠ 》 ᠪᠡᠷ ᠭᠤᠤᠯ ᠰᠡᠳᠦᠪ ᠢᠶᠡᠨ ᠪᠤᠯᠭᠠᠵᠤ᠂ 5 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠲᠤᠰ ᠤᠳᠠᠭᠠᠨ ᠤ ᠠᠵᠢᠯᠯᠠᠭ᠎ᠠ ᠨᠢ ᠵᠠᠭᠦᠨ ᠡᠴᠡ ᠬᠦᠯᠦᠨ ᠪᠤᠶᠢᠷ ᠤᠨ ᠡᠸᠩᠬᠢ ᠬᠤᠰᠢᠭᠤ ᠡᠴᠡ ᠪᠠᠷᠠᠭᠤᠨᠰᠢ ᠠᠯᠠᠱᠠ ᠶᠢᠨ ᠡᠵᠡᠨ᠎ᠠ ᠬᠤᠰᠢᠭᠤ ᠬᠦᠷᠬᠦ 9 ᠬᠤᠪᠢᠶᠠᠷᠢ ᠤᠷᠤᠯᠳᠤᠭᠠᠨ ᠤ ᠲᠠᠯᠠᠪᠠᠢ ᠲᠠᠢ᠃ ᠤᠷᠤᠨ ᠳᠠᠶᠠᠭᠠᠷ ᠲᠤ ᠨᠡᠶᠢᠲᠡ 12000 ᠭᠠᠷᠤᠢ ᠲᠠᠮᠢᠷᠴᠢᠳ ᠪᠠ ᠲᠦᠮᠡ ᠰᠢᠬᠠᠮ ᠮᠤᠷᠢᠳ 7 ᠲᠦᠷᠦᠯ ᠤᠨ ᠲᠤᠮᠤ ᠤᠷᠤᠯᠳᠤᠭᠠᠨ ᠪᠠ 24 ᠲᠦᠷᠦᠯ ᠤᠨ ᠪᠠᠭ᠎ᠠ ᠤᠷᠤᠯᠳᠤᠭᠠᠨ ᠤ ᠵᠠᠭᠤ ᠭᠠᠷᠤᠢ ᠲᠠᠯᠠᠪᠠᠢ ᠤᠷᠤᠯᠳᠤᠭᠠᠨ ᠳᠤ ᠤᠷᠤᠯᠴᠠᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121473402