蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠪᠠᠶᠢᠭᠤᠯᠤᠭᠳᠠᠬᠰᠠᠨ 90 ᠵᠢᠯ ᠤᠨ ᠤᠢ ᠶᠢ ᠲᠡᠮᠳᠡᠭᠯᠡᠬᠦ ᠰᠠᠩ ᠤᠨ ᠴᠤᠭᠯᠠᠭᠤᠯᠭ᠎ᠠ ᠶᠢᠨ ᠰᠤᠷᠪᠤᠯᠵᠢ ᠪᠢᠴᠢᠭ᠌ ᠤᠨ ᠦᠵᠡᠰᠭᠦᠯᠡᠩ ᠡᠬᠢᠯᠡᠪᠡ

2017-08-16 16:06

    ᠰᠢᠨᠬᠤᠧᠠ ᠬᠤᠷᠢᠶ᠎ᠠ ᠪᠡᠭᠡᠵᠢᠩ ᠤᠨ 8 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠵᠧᠦ ᠸᠸᠢ) ᠤᠯᠤᠰ ᠤᠨ ᠨᠤᠮ ᠤᠨ ᠰᠠᠩ ᠡᠴᠡ ᠰᠠᠨᠠᠭᠠᠴᠢᠯᠠᠬᠰᠠᠨ 《ᠪᠤᠯᠤᠳ ᠲᠠᠮᠦᠷ ᠤᠷᠳᠤ ᠴᠠᠭᠠᠨ ᠬᠡᠷᠡᠮ —— ᠳᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠪᠠᠶᠢᠭᠤᠯᠤᠭᠳᠠᠬᠰᠠᠨ 90 ᠵᠢᠯ ᠤᠨ ᠤᠢ ᠶᠢ ᠲᠡᠮᠳᠡᠭᠯᠡᠬᠦ ᠰᠠᠩ ᠤᠨ ᠴᠤᠭᠯᠠᠭᠤᠯᠭ᠎ᠠ ᠶᠢᠨ ᠰᠤᠷᠪᠤᠯᠵᠢ ᠪᠢᠴᠢᠭ᠌ ᠤᠨ ᠦᠵᠡᠰᠭᠦᠯᠡᠩ 》 15 ᠤ ᠡᠳᠦᠷ ᠤᠯᠤᠰ ᠤᠨ ᠰᠤᠳᠤᠷ ᠪᠢᠴᠢᠭ᠌ ᠤᠨ ᠮᠦᠽᠧᠢ ᠳᠤ ᠨᠡᠬᠡᠬᠡᠯᠲᠠ ᠪᠡᠨ ᠬᠢᠪᠡ᠃

    ᠲᠤᠰ ᠤᠳᠠᠭᠠᠨ ᠤ ᠦᠵᠡᠰᠭᠦᠯᠡᠩ ᠨᠢ ᠤᠯᠤᠰ ᠤᠨ ᠨᠤᠮ ᠤᠨ ᠰᠠᠩ ᠳᠤ ᠬᠠᠳᠠᠭᠠᠯᠠᠵᠤ ᠪᠠᠶᠢᠭ᠎ᠠ ᠤᠷᠴᠢᠨ ᠦᠶ᠎ᠠ ᠶᠢᠨ ᠰᠤᠷᠪᠤᠯᠵᠢ ᠪᠢᠴᠢᠭ᠌᠂ ᠤᠨᠴᠠᠭᠠᠶᠢᠯᠠᠨ ᠬᠤᠪᠢᠰᠬᠠᠯᠲᠤ ᠲᠡᠤᠬᠡ ᠶᠢᠨ ᠰᠤᠷᠪᠤᠯᠵᠢ ᠪᠢᠴᠢᠭ᠌ ᠢᠶᠡᠷ ᠰᠠᠭᠤᠷᠢᠯᠠᠨ᠂ ᠬᠠᠮᠤᠭ ᠤᠨ ᠲᠦᠯᠦᠭᠡᠯᠡᠭᠴᠢ ᠴᠢᠨᠠᠷ ᠲᠠᠢ ᠰᠤᠷᠪᠤᠯᠵᠢ ᠪᠢᠴᠢᠭ᠌ ᠢ ᠰᠢᠯᠢᠵᠤ ᠦᠵᠡᠮᠦᠷᠢ ᠪᠤᠯᠭᠠᠬᠰᠠᠨ ᠪᠦᠬᠡᠳ ᠴᠠᠭ ᠬᠤᠭᠤᠴᠠᠭ᠎ᠠ ᠪᠡᠷ ᠰᠤᠳᠠᠰᠤ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠤᠤᠷ᠎ᠠ ᠬᠤᠪᠢᠰᠬᠠᠯᠲᠤ ᠴᠡᠷᠢᠭ ᠠᠩᠬᠢ ᠤᠯᠤᠰ ᠳᠠᠶᠠᠭᠠᠷ ᠤᠨ ᠢᠷᠭᠡᠳ ᠲᠠᠢ ᠬᠠᠮᠲᠤ ᠪᠠᠭᠠᠲᠤᠷᠯᠢᠭ ᠢᠶᠡᠷ ᠲᠡᠮᠡᠴᠡᠵᠤ ᠪᠠᠶᠢᠭᠤᠯᠤᠭᠰᠠᠨ ᠭᠠᠪᠢᠶ᠎ᠠ ᠵᠢᠳᠬᠦᠯ ᠢ ᠪᠦᠬᠦ ᠲᠠᠯ᠎ᠠ ᠪᠡᠷ ᠬᠠᠷᠠᠭᠤᠯᠤᠭᠰᠠᠨ ᠪᠠᠶᠢᠨ᠎ᠠ᠃

    ᠥᠢᠯᠡᠭᠠᠭᠰᠠᠨ ᠢᠶᠡᠷ᠂ ᠳᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠤᠨ 90 ᠵᠢᠯ ᠤᠨ ᠤᠢ ᠶᠢ ᠲᠡᠮᠳᠡᠭᠯᠡᠬᠦ ᠰᠠᠩ ᠤᠨ ᠴᠤᠭᠯᠠᠭᠤᠯᠭ᠎ᠠ ᠶᠢᠨ ᠰᠤᠷᠪᠤᠯᠵᠢ ᠪᠢᠴᠢᠭ᠌ ᠤᠨ ᠦᠵᠡᠰᠭᠦᠯᠡᠩ 10 ᠰᠠᠷ᠎ᠠ 29 ᠤ ᠡᠳᠦᠷ ᠪᠤᠯᠲᠠᠯ᠎ᠠ ᠦᠷᠭᠦᠯᠵᠢᠯᠡᠵᠤ᠂ ᠲᠦᠯᠦᠪᠦᠷᠢ ᠦᠬᠡᠢ ᠪᠡᠷ ᠤᠯᠠᠨ ᠨᠡᠶᠢᠲᠠ ᠳᠤ ᠨᠡᠬᠡᠬᠡᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121493353