蒙古文网站Logo
ᠰᠢᠨᠬᠤᠸᠠ ᠮᠤᠩᠭ᠋ᠤᠯ ᠨᠧᠲ

《ᠬᠦᠯᠦᠨ ᠪᠤᠶᠢᠷ•ᠮᠦᠩᠬᠡ ᠵᠢᠷᠭᠠᠭᠠᠰᠠᠢ》ᠬᠡᠷᠡᠯ ᠵᠢᠷᠤᠬ ᠤᠨ ᠦᠵᠡᠰᠬᠦᠯᠡᠩ ᠪᠤᠯᠪᠠ

2017-08-16 16:08

    ᠰᠢᠨᠬᠤᠧᠠ ᠨᠧᠲ   ᠪᠡᠬᠡᠵᠢᠩ ᠤᠨ 8 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠬᠡ (ᠭᠦᠧᠧ ᠰᠢᠶᠠᠩ ᠢᠤᠢ) ᠰᠡᠬᠦᠯ ᠤᠨ ᠵᠢᠯ ᠤᠳ ᠲᠤ᠂ ᠮᠤᠩᠭᠤᠯ ᠦᠨᠳᠦᠰᠦᠳᠡᠨ ᠤ ᠨᠡᠷᠡᠳᠦ ᠳᠠᠭᠤᠴᠢᠨ ᠪᠦᠷᠢᠨᠪᠠᠶᠠᠷ《ᠬᠦᠯᠦᠨ ᠪᠤᠶᠢᠷ•ᠮᠦᠩᠬᠡ ᠵᠢᠷᠭᠠᠭᠠᠰᠠᠢ》ᠳᠤᠰᠬᠠᠢ ᠰᠡᠳᠦᠪᠳᠤ ᠬᠡᠷᠡᠯ ᠵᠢᠷᠤᠭ ᠤᠨ ᠪᠦᠳᠦᠬᠡᠯ ᠪᠦᠳᠦᠭᠡᠵᠦ ᠴᠤᠭᠯᠠᠭᠤᠯᠤᠨ᠂ ᠳᠠᠯ᠎ᠠ ᠨᠤᠳᠤᠭ ᠳ᠋ᠡᠬᠢ ᠵᠠᠭᠤ ᠭᠠᠷᠤᠢ ᠦᠨᠳᠦᠷ ᠨᠠᠰᠤᠳᠠᠨ ᠤ ᠳᠦᠷᠢ ᠶᠢ ᠵᠢᠷᠤᠭ ᠤᠨ ᠠᠫᠫᠠᠷᠠᠲ ᠢᠶᠡᠷ ᠱᠤᠭᠤᠭᠰᠠᠨ ᠪᠠᠶᠢᠨ᠎ᠠ᠃

ᠤᠷᠠᠨ᠎ᠡ ᠦᠵᠡᠭᠴᠢᠳ ᠲᠤ ᠪᠦᠷᠢᠨᠪᠠᠶᠠᠷ ᠤᠨ ᠬᠡᠷᠡᠯ ᠵᠢᠷᠤᠭ ᠤᠨ ᠪᠦᠳᠦᠬᠡᠯ ᠤᠨ ᠴᠠᠭᠠᠨᠠᠬᠢ ᠦᠯᠢᠬᠡᠷ ᠢ ᠶᠠᠷᠢᠨ᠎ᠠ (ᠵᠢᠷᠤᠭ ᠢ ᠵᠢᠶᠠ ᠵᠢᠶᠠᠨ ᠰᠢᠨ)

    ᠳᠡᠷᠡᠪᠡᠷ ᠳᠠᠯ᠎ᠠ ᠨᠤᠳᠤᠭ ᠲᠦ ᠳᠦᠮᠡ ᠭᠠᠷᠤᠢ ᠺᠢᠯᠤᠮᠧᠲ᠋ᠷ ᠠᠶᠠᠯᠠᠵᠤ᠂ ᠵᠠᠭᠤ ᠭᠠᠷᠤᠢ ᠨᠠᠰᠤᠯᠠᠭᠰᠠᠨ ᠡᠯ᠎ᠡ ᠦᠨᠳᠦᠰᠦᠳᠡᠨ ᠤ 80 ᠭᠠᠷᠤᠢ ᠨᠠᠰᠤᠳᠠᠨ ᠢ ᠵᠢᠷᠤᠭᠯᠠᠵᠤ᠂ 8 ᠰᠠᠷ᠎ᠠ ᠶᠢᠨ 11 ᠤ ᠡᠳᠦᠷ ᠪᠡᠬᠡᠵᠢᠩ ᠳᠤ ᠵᠢᠷᠤᠭ ᠤᠨ ᠦᠵᠡᠰᠬᠦᠯᠡᠩ ᠢᠶᠡᠨ ᠨᠡᠬᠡᠬᠡᠭᠰᠡᠨ ᠪᠠᠶᠢᠨ᠎ᠠ᠃ ᠳᠡᠬᠦᠨ ᠤ ᠠᠫᠫᠠᠷᠠᠲ ᠢᠶᠡᠷ ᠵᠢᠷᠤᠭᠯᠠᠭᠳᠠᠭᠰᠠᠨ ᠬᠠᠮᠤᠭ ᠤᠨ ᠦᠨᠳᠦᠷ ᠨᠠᠰᠤᠳᠠᠨ 115 ᠨᠠᠰᠤᠳᠠᠢ ᠪᠠᠶᠢᠯ᠎ᠠ᠃

ᠪᠦᠷᠢᠨᠪᠠᠶᠠᠷ ᠰᠢᠨᠬᠤᠧᠠ ᠨᠧᠲ ᠤᠨ ᠰᠤᠷᠪᠤᠯᠵᠢᠯᠠᠭ᠎ᠠ ᠶᠢ ᠬᠦᠯᠢᠶᠡᠨ᠎ᠡ (ᠵᠢᠷᠤᠭ ᠢ ᠵᠢᠶᠠ ᠵᠢᠶᠠᠨ ᠰᠢᠨ)

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121493361