蒙古文网站Logo
ᠰᠢᠨᠬᠤᠸᠠ ᠮᠤᠩᠭ᠋ᠤᠯ ᠨᠧᠲ

《ᠦᠪᠦᠷ ᠮᠣᠩᠭᠣᠯ ᠤᠨ ᠳᠠᠭᠤᠯᠠᠯ》ᠮᠢᠩᠭ᠋ᠠᠨ ᠬᠦᠮᠦᠨ ᠪ ᠲᠠᠯ᠎ᠠ ᠨᠤᠲᠤᠭ ᠤᠨ ᠤᠯᠠᠨ ᠤᠯᠤᠰ ᠤᠨ ᠨᠠᠶᠢᠷᠠᠯ ᠳᠠᠭᠤᠨ ᠤ ᠨᠦᠬᠦᠷᠯᠡᠯ ᠤᠨ ᠠᠵᠢᠯᠯᠠᠭ᠎ᠠ ᠰᠢᠯᠢ ᠶᠢᠨ ᠭᠤᠤᠯ ᠳᠤ ᠡᠬᠢᠯᠡᠪᠡ

2017-08-21 11:43

    8 ᠰᠠᠷ᠎ᠠ ᠶᠢᠨ 19 ᠤ ᠦᠳᠡ ᠡᠴᠡ ᠬᠤᠶᠢᠨ᠎ᠠ᠂ ᠳᠤᠮᠳᠠᠳᠤ ᠤᠯᠤᠰ · ᠰᠢᠯᠢ ᠶᠢᠨ ᠭᠤᠤᠯ《 ᠦᠪᠦᠷ ᠮᠣᠩᠭᠣᠯ ᠤᠨ ᠳᠠᠭᠤᠯᠠᠯ》ᠮᠢᠩᠭ᠋ᠠᠨ ᠬᠦᠮᠦᠨ ᠪ ᠲᠠᠯ᠎ᠠ ᠨᠤᠲᠤᠭ ᠤᠨ ᠤᠯᠠᠨ ᠤᠯᠤᠰ ᠤᠨ ᠨᠠᠶᠢᠷᠠᠯ ᠳᠠᠭᠤᠨ ᠤ ᠨᠦᠬᠦᠷᠯᠡᠯ  ᠤᠨ ᠠᠵᠢᠯᠯᠠᠭ᠎ᠠ ᠰᠢᠯᠢ ᠶᠢᠨ ᠭᠤᠤᠯ ᠳᠤ ᠡᠬᠢᠯᠡᠵᠠᠢ᠃

    ᠲᠤᠰ ᠠᠵᠢᠯᠯᠠᠭ᠎ᠠ ᠶᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭ᠍ᠵᠢᠭᠦᠯᠦᠯᠲᠡ ᠶᠢᠨ ᠵᠦᠪᠯᠡᠯ ᠡᠴᠡ ᠰᠠᠨᠠᠭᠠᠴᠢᠯᠠᠨ᠂ ᠦᠪᠦᠷ ᠮᠣᠩᠭᠣᠯ ᠤᠨ ᠯᠤᠩᠭ᠋ᠠᠷ ᠲᠠᠯ᠎ᠠ ᠨᠤᠲᠤᠭ ᠤᠨ ᠰᠤᠶᠤᠯ ᠤᠯᠠᠮᠵᠢᠯᠠᠬᠤ ᠬᠢᠵᠠᠭᠠᠷᠲᠤ ᠺᠤᠮᠫᠠᠨᠢ ᠡᠴᠡ ᠵᠤᠬᠢᠶᠠᠨ ᠪᠠᠶᠢᠭᠤᠯᠵᠤ᠂ ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ ᠲᠤᠪᠴᠢᠶ᠎ᠠ᠂ ᠠᠦ᠋ᠰᠲ᠋ᠷᠠᠯᠢᠶ᠎ᠠ ᠶᠢᠨ ᠳᠤᠮᠳᠠᠳᠤ ᠶᠢᠨ ᠬᠠᠷᠢᠶᠠᠲᠤ ᠶᠢᠨ ᠨᠠᠶᠢᠷᠠᠯ ᠳᠠᠭᠤᠨ ᠤ ᠨᠡᠶᠢᠭᠡᠮᠯᠢᠭ᠌ ᠡᠴᠡ ᠬᠠᠪᠰᠤᠷᠤᠨ ᠵᠤᠬᠢᠶᠠᠨ ᠪᠠᠶᠢᠭᠤᠯᠪᠠ᠃ ᠠᠵᠢᠯᠯᠠᠭ᠎ᠠ ᠨᠢ 4 ᠡᠳᠦᠷ ᠶᠠᠪᠤᠭᠳᠠᠵᠤ᠂ ᠲᠤᠬᠠᠢ ᠶᠢᠨ ᠪᠦᠰᠡ ᠨᠤᠲᠤᠭ ᠲᠤ ᠮᠤᠷᠢᠨ ᠰᠤᠶᠤᠯ ᠢ ᠨᠠᠶᠢᠷᠠᠯ ᠳᠠᠭᠤᠨ ᠤ ᠤᠷᠠᠯᠢᠭ ᠲᠠᠢ ᠤᠶᠠᠯᠳᠤᠭᠤᠯᠤᠨ ᠲᠤᠭᠯᠠᠬᠤ ᠪᠠ《 ᠦᠪᠦᠷ ᠮᠣᠩᠭᠣᠯ ᠤᠨ ᠳᠠᠭᠤᠯᠠᠯ》 ᠮᠢᠩᠭ᠋ᠠᠨ ᠬᠦᠮᠦᠨ ᠪ ᠲᠠᠯ᠎ᠠ ᠨᠤᠲᠤᠭ ᠤᠨ ᠤᠯᠠᠨ ᠤᠯᠤᠰ ᠤᠨ ᠨᠠᠶᠢᠷᠠᠯ ᠳᠠᠭᠤᠨ ᠤ ᠨᠦᠬᠦᠷᠯᠡᠯ ᠤᠨ ᠠᠵᠢᠯᠯᠠᠭ᠎ᠠ ᠵᠡᠷᠭᠡ ᠶᠢ ᠶᠠᠪᠤᠭᠳᠠᠭᠤᠯᠤᠨ᠎ᠠ᠃ ᠭᠤᠸᠠᠩᠵᠸᠤ᠂ ᠵᠸᠵᠢᠶᠠᠩ᠂ ᠬᠤᠨᠠᠨ᠂ ᠬᠤᠪᠸᠢ᠂ ᠪᠡᠭᠡᠵᠢᠩ᠂ ᠲᠢᠶᠠᠨᠵᠢᠨ᠂ ᠱᠠᠨᠰᠢ᠂ ᠾᠸᠪᠸᠢ᠂ ᠱᠠᠨ ᠰᠢ᠂ ᠦᠪᠦᠷ ᠮᠣᠩᠭᠣᠯ ᠵᠡᠷᠭᠡ 30 ᠭᠠᠷᠤᠢ ᠪᠦᠰᠡ ᠨᠤᠲᠤᠭ ᠤᠨ ᠨᠠᠶᠢᠷᠠᠯ ᠳᠠᠭᠤᠨ ᠤ ᠪᠠᠭ ᠵᠢᠴᠢ ᠠᠦ᠋ᠰᠲ᠋ᠷᠠᠯᠢᠶ᠎ᠠ᠂ ᠠᠮᠸᠷᠢᠺᠡ᠂ ᠹᠷᠠᠨᠼᠢ᠂ ᠮᠣᠩᠭᠣᠯ ᠤᠯᠤᠰ ᠵᠡᠷᠭᠡ ᠤᠯᠤᠰ ᠤᠳ ᠤᠨ 2000 ᠰᠢᠬᠠᠮ ᠨᠠᠶᠢᠷᠠᠯ ᠳᠠᠭᠤᠨ ᠤ ᠪᠠᠬᠠᠲᠠᠨ ᠲᠤᠰ ᠤᠳᠠᠭᠠᠨ ᠤ ᠠᠵᠢᠯᠯᠠᠭ᠎ᠠ ᠳᠤ ᠤᠷᠤᠯᠴᠠᠪᠠ᠃ ( ᠰᠤᠷᠪᠤᠯᠵᠢᠯᠠᠭᠴᠢ ᠯᠢᠦ ᠵᠢᠶᠦ᠋ᠨ ᠰᠢᠶᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121516417