蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠠᠩᠬᠠᠳᠠᠭᠴᠢ《 ᠳᠤᠮᠳᠠᠳᠤ ᠤᠯᠤᠰ ᠤᠨ ᠦᠯᠢᠭᠡᠷ ᠢ ᠵᠤᠬᠢᠶᠠᠨ ᠪᠢᠴᠢᠬᠦ ᠬᠤᠸᠠᠷᠠᠨ》 ᠤᠷᠳᠤᠰ ᠬᠤᠲᠠ ᠳᠤ ᠪᠠᠶᠢᠭᠤᠯᠤᠭᠳᠠᠪᠠ

2017-08-21 11:43

    ᠰᠢᠨᠬᠤᠧᠠ ᠬᠤᠷᠢᠶ ᠠ   ᠬᠦᠬᠡᠬᠤᠲᠠ ᠶᠢᠨ 8 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠸᠸᠢ ᠵᠢᠩ ᠢᠦᠢ) ᠤᠯᠤᠰ ᠳᠠᠶᠠᠭᠠᠷ ᠤᠨ ᠠᠩᠬᠠᠳᠠᠭᠴᠢ《 ᠳᠤᠮᠳᠠᠳᠤ ᠤᠯᠤᠰ ᠤᠨ ᠦᠯᠢᠭᠡᠷ ᠢ ᠵᠤᠬᠢᠶᠠᠨ ᠪᠢᠴᠢᠬᠦ ᠬᠤᠸᠠᠷᠠᠨ》 18 ᠤ ᠡᠳᠦᠷ ᠤᠷᠳᠤᠰ ᠬᠤᠲᠠᠨ᠎ᠠ ᠠᠯᠪᠠᠨ ᠶᠤᠰᠤᠭᠠᠷ ᠪᠠᠶᠢᠭᠤᠯᠤᠭᠳᠠᠵᠤ᠂ 20 ᠭᠠᠷᠤᠢ ᠮᠡᠳᠡᠭᠡᠯᠡᠯ ᠤᠨ ᠤᠷᠠᠨ ᠵᠤᠬᠢᠶᠠᠯ ᠤᠨ ᠵᠤᠬᠢᠶᠠᠯᠴᠢ ᠬᠤᠸᠠᠷᠠᠩᠨᠠᠪᠠ᠃

    ᠳᠤᠮᠳᠠᠳᠤ ᠤᠯᠤᠰ ᠤᠨ ᠦᠯᠢᠭᠡᠷ ᠪᠢᠴᠢᠬᠦ ᠬᠤᠸᠠᠷᠠᠨ ᠤ ᠰᠠᠨᠠᠭᠠᠴᠢᠯᠭᠠᠴᠢ᠂ ᠳᠤᠮᠳᠠᠳᠤ ᠤᠯᠤᠰ ᠤᠨ ᠵᠤᠬᠢᠶᠠᠯᠴᠢᠳ ᠤᠨ ᠨᠡᠶᠢᠭᠡᠮᠯᠢᠭ᠌ ᠤᠨ ᠳᠡᠳ᠋ ᠲᠡᠷᠢᠭᠦᠯᠡᠭᠴᠢ ᠾᠸ ᠵᠢᠶᠠᠨ ᠮᠢᠨ ᠬᠤᠸᠠᠷᠠᠨ ᠪᠠᠶᠢᠭᠤᠯᠬᠤ ᠡᠬᠢᠯᠡᠯᠲᠡ ᠶᠢᠨ ᠶᠤᠰᠤᠯᠠᠯ ᠳᠤ ᠲᠠᠨᠢᠯᠴᠠᠭᠤᠯᠤᠭᠰᠠᠨ ᠢᠶᠡᠷ《ᠳᠤᠮᠳᠠᠳᠤ ᠤᠯᠤᠰ ᠤᠨ ᠦᠯᠢᠭᠡᠷ ᠢ ᠵᠤᠬᠢᠶᠠᠨ ᠪᠢᠴᠢᠬᠦ ᠬᠤᠸᠠᠷᠠᠨ》ᠨᠡᠶᠢᠭᠡᠮ ᠳᠠᠶᠠᠭᠠᠷ ᠲᠤ ᠨᠡᠭᠡᠭᠡᠯᠲᠡ ᠲᠠᠢ ᠪᠠᠶᠢᠵᠤ᠂ ᠳᠤᠮᠳᠠᠳᠤ ᠤᠯᠤᠰ ᠤᠨ ᠰᠠᠶᠢᠨ ᠦᠯᠢᠭᠡᠷ ᠢ ᠪᠢᠴᠢᠬᠦ ᠠᠵᠢᠯᠯᠠᠭ᠎ᠠ ᠳᠤ ᠰᠤᠨᠢᠷᠬᠠᠯ ᠲᠠᠢ ᠵᠤᠬᠢᠶᠠᠯᠴᠢ ᠪᠤᠯᠤᠨ ᠴᠢᠯᠦᠭᠡᠲᠤ ᠵᠤᠬᠢᠶᠠᠯᠴᠢᠳ ᠴᠦᠮ ᠤᠷᠤᠯᠴᠠᠵᠤ ᠪᠤᠯᠬᠤ ᠪᠦᠭᠡᠳ ᠬᠠᠮᠲᠤ ᠳᠤ ᠪᠡᠨ ᠳᠤᠮᠳᠠᠳᠤ ᠶᠢᠨ ᠰᠠᠶᠢᠬᠠᠨ ᠦᠯᠢᠭᠡᠷ ᠢ ᠬᠡᠷᠬᠢᠨ ᠶᠠᠷᠢᠬᠤ ᠲᠤᠬᠠᠢ ᠵᠦᠪᠯᠡᠯᠴᠡᠬᠦ ᠪᠤᠯᠤᠨ᠎ᠠ ᠭᠡᠵᠠᠢ᠃

    ᠤᠶᠢᠯᠠᠭᠠᠭᠰᠠᠨ ᠢᠶᠡᠷ᠂ ᠵᠤᠬᠢᠶᠠᠨ ᠪᠢᠴᠢᠬᠦ ᠬᠤᠸᠠᠷᠠᠨ《 ᠳᠤᠮᠳᠠᠳᠤ ᠶᠢᠨ ᠰᠠᠶᠢᠬᠠᠨ ᠦᠯᠢᠭᠡᠷ》 ᠢ ᠲᠦᠯᠦᠪᠯᠡᠭᠡ ᠲᠠᠢ ᠪᠠᠷ ᠲᠦᠰᠦᠪᠯᠡᠬᠦ ᠪᠠ ᠰᠠᠳᠤᠪ ᠢ ᠪᠠᠲᠤᠯᠭᠠᠵᠢᠭᠤᠯᠵᠤ᠂ ᠵᠤᠬᠢᠶᠠᠯᠴᠢᠳ ᠰᠢᠯᠢᠨ ᠰᠢᠯᠭᠠᠷᠠᠭᠤᠯᠬᠤ᠂ ᠪᠦᠲᠦᠭᠡᠯ ᠢ ᠰᠤᠳᠤᠯᠤᠨ ᠶᠠᠷᠢᠯᠴᠠᠬᠤ ᠪᠠ ᠤᠯᠠᠮᠵᠢᠯᠠᠬᠤ ᠵᠡᠷᠭᠡ ᠠᠵᠢᠯ ᠢ ᠵᠤᠬᠢᠶᠠᠨ ᠪᠠᠶᠢᠭᠤᠯᠬᠤ ᠶᠢᠨ ᠬᠠᠮᠲᠤ ᠵᠤᠬᠢᠶᠠᠨ ᠪᠢᠴᠢᠯᠭᠡ ᠶᠢᠨ ᠳᠠᠰᠬᠠᠯᠵᠢᠭᠤᠯᠬᠤ ᠠᠵᠢᠯᠯᠠᠭ᠎ᠠ᠂ ᠭᠠᠵᠠᠷ ᠳᠡᠭᠡᠷ᠎ᠠ ᠨᠢ ᠰᠤᠷᠪᠤᠯᠵᠢᠯᠠᠬᠤ ᠵᠢᠴᠢ ᠨᠡᠶᠢᠭᠡᠮ ᠤᠨ ᠪᠠᠶᠢᠴᠠᠭᠠᠯᠲᠠ ᠬᠢᠬᠦ ᠵᠡᠷᠭᠡ ᠠᠵᠢᠯᠯᠠᠭ᠎ᠠ ᠶᠢ ᠶᠠᠪᠤᠭᠳᠠᠭᠤᠯᠵᠤ᠂ ᠳᠤᠮᠳᠠᠳᠤ ᠶᠢᠨ ᠦᠯᠢᠭᠡᠷ ᠢ ᠰᠠᠶᠢᠬᠠᠨ ᠪᠢᠴᠢᠬᠦ ᠪᠡᠷ ᠴᠢᠷᠮᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121516473