蒙古文网站Logo
ᠰᠢᠨᠬᠤᠸᠠ ᠮᠤᠩᠭ᠋ᠤᠯ ᠨᠧᠲ

ᠤᠯᠠᠨ ᠠᠩᠬᠢᠲᠤ ᠺᠢᠨᠣ᠋《ᠬᠤᠪᠢᠯᠠᠢ ᠬᠠᠭᠠᠨ》 

2017-08-21 17:58

    ᠥᠨᠥ ᠵᠢᠯ ᠤᠨ 2 ᠰᠠᠷ᠎ᠠ ᠶᠢᠨ 22 ᠤᠨ ᠡᠳᠦᠷ᠂ ᠤᠯᠠᠨ ᠠᠩᠬᠢᠲᠤ ᠺᠢᠨᠣ᠋《ᠬᠤᠪᠢᠯᠠᠢ ᠬᠠᠭᠠᠨ》 ᠤ ᠪᠢᠴᠢᠯᠬᠡ ᠶᠢ ᠪᠡᠭᠡᠵᠢᠩ ᠬᠤᠲᠠ ᠳᠤ ᠠᠪᠴᠤ ᠡᠬᠢᠯᠡᠬᠡᠳ 3 ᠰᠠᠷ᠎ᠠ ᠶᠢᠨ 31 ᠤ ᠡᠳᠦᠷ ᠦᠪᠦᠷ ᠮᠤᠩᠭᠤᠯ ᠤᠨ ᠰᠢᠯᠤᠭᠤᠨ ᠬᠦᠬᠡ ᠬᠤᠰᠢᠭᠤᠨ ᠳᠤ ᠬᠦᠷᠴᠤ ᠪᠢᠴᠢᠯᠬᠡ ᠬᠢᠭᠰᠡᠨ ᠪᠠᠶᠢᠨ᠎ᠠ᠃ ᠺᠢᠨᠣ᠋ ᠶᠢ ᠬᠢᠬᠦ ᠠᠵᠢᠯ ᠬᠠᠪᠤᠷ ᠤᠨ ᠡᠬᠢᠨ ᠡᠴᠡ ᠠᠭᠠᠬᠢᠮ᠎ᠠ ᠵᠤᠨ ᠤ ᠬᠠᠯᠠᠭᠤᠨ᠂ ᠠᠬᠢᠭᠠᠳ ᠰᠢᠷᠭᠠᠯ ᠨᠠᠮᠦᠷ ᠤᠨ ᠡᠬᠢᠨ ᠪᠤᠯᠲᠠᠯ᠎ᠠ 170 ᠭᠠᠷᠤᠢ ᠡᠳᠦᠷ ᠦᠷᠭᠦᠯᠵᠢᠯᠡᠵᠡᠢ᠃ ᠡᠬᠦᠨ ᠤ ᠳᠠᠷᠠᠭ᠎ᠠ ᠪᠡᠷ ᠺᠢᠨᠣ᠋ ᠶᠢᠨ ᠪᠠᠭ ᠤᠨ ᠬᠢᠨ ᠱᠠᠨᠳᠦ᠋ᠩ ᠮᠣᠵᠢ ᠶᠢᠨ ᠳ᠋ᠦᠩ ᠫᠢᠩ᠂ ᠡᠦ ᠰᠢ ᠪᠤᠯᠤᠨ ᠪᠡᠭᠡᠵᠢᠩ ᠵᠡᠷᠭᠡ ᠪᠦᠰᠡ ᠨᠤᠲᠤᠭ ᠲᠤ ᠬᠦᠷᠴᠤ ᠪᠢᠴᠢᠯᠬᠡ ᠬᠢᠬᠦ ᠠᠵᠢᠯ ᠢᠶᠡᠨ ᠦᠷᠭᠦᠯᠵᠢᠯᠡᠬᠦᠯᠤᠨ 10 ᠰᠠᠷ᠎ᠠ ᠶᠢᠨ ᠡᠴᠤᠰ ᠲᠤ ᠺᠢᠨᠣ᠋ ᠶᠢ ᠬᠢᠵᠤ ᠳᠠᠭᠤᠰᠬᠠᠬᠤ ᠪᠡᠷ ᠲᠦᠯᠦᠪᠯᠡᠵᠤ ᠪᠤᠢ᠃

    ᠥᠪᠦᠷ ᠮᠣᠩ᠋ᠭᠤᠯ ᠤᠨ ᠱᠢ ᠴᠢ ᠪᠦᠯᠦᠭᠯᠡᠯ᠂ ᠥᠪᠦᠷ ᠮᠣᠩ᠋ᠭᠤᠯ ᠤᠨ ᠲᠠᠯ᠎ᠠ ᠨᠤᠲᠤᠭ ᠤᠨ ᠰᠤᠶᠤᠯ ᠢ ᠬᠠᠮᠠᠭᠠᠯᠠᠵᠤ ᠬᠦᠭ᠍ᠵᠢᠬᠦᠯᠬᠦ ᠹᠤᠨᠳ᠋ ᠪᠠ ᠥᠪᠦᠷ ᠮᠣᠩ᠋ᠭᠤᠯ ᠤᠨ ᠺᠢᠨᠣ᠋ ᠪᠦᠯᠦᠭᠯᠡᠯ ᠡᠴᠡ ᠬᠠᠮᠳᠤᠷᠠᠨ ᠬᠢᠵᠤ ᠪᠤᠢ ᠦᠨᠳᠤᠰᠤᠲᠠᠨ ᠤ ᠰᠡᠳᠤᠪᠲᠤ ᠲᠡᠤᠬᠡᠨ ᠤᠯᠠᠨ ᠠᠩᠬᠢᠳᠤ ᠺᠢᠨᠣ᠋《ᠬᠤᠪᠢᠯᠠᠢ ᠬᠠᠭᠠᠨ》 ᠨᠢ ᠠᠷᠪᠠᠨ ᠭᠤᠷᠪᠠᠳᠤᠭᠠᠷ ᠵᠠᠭᠤᠨ ᠤ ᠠᠭᠤᠤ ᠶᠡᠬᠡ ᠲᠡᠤᠬᠡᠲᠤ ᠬᠦᠮᠦᠨ᠂ ᠶᠡᠬᠡ ᠶᠤᠧᠠᠨ ᠤᠯᠤᠰ ᠢ ᠪᠠᠶᠢᠭᠤᠯᠤᠭᠰᠠᠨ ᠬᠤᠪᠢᠯᠠᠢ ᠰᠡᠴᠡᠨ ᠬᠠᠭᠠᠨ ᠤ ᠦᠯᠢᠬᠡᠷ ᠲᠤᠮᠤᠬᠳᠤ ᠨᠢᠬᠡ ᠨᠠᠰᠤ ᠶᠢ ᠵᠢᠷᠤᠬᠯᠠᠬᠰᠠᠨ ᠪᠠᠶᠢᠨ᠎ᠠ᠃

ᠢᠷᠡᠯᠳᠡ᠄ ᠰᠢᠯᠢ ᠶᠢᠨ ᠭᠤᠤᠯ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121518624