蒙古文网站Logo
ᠰᠢᠨᠬᠤᠸᠠ ᠮᠤᠩᠭ᠋ᠤᠯ ᠨᠧᠲ

ᠪᠤᠤ ᠴᠤᠭᠵᠤ᠄ ᠬᠤᠭᠤᠷ ᠤᠨ ᠦᠯᠢᠭᠡᠷ ᠢᠶᠡᠨ ᠰᠠᠶᠢᠲᠦᠷ ᠵᠠᠯᠭᠠᠮᠵᠢᠯᠠᠵᠤ ᠭᠤᠷᠯᠤᠰ ᠤᠨ ᠰᠤᠶᠤᠯ ᠤᠨ ᠪᠠᠶᠢᠭᠤᠯᠤᠯᠲᠠ ᠳ᠋ᠤ ᠬᠦᠴᠦᠨ ᠨᠡᠮᠡᠷᠢ ᠪᠠᠨ ᠦᠵᠡᠬᠦᠯᠦᠨ᠎ᠡ

2017-08-24 17:11

    ᠰᠢᠨᠬᠤᠧᠠ ᠮᠤᠩᠭᠤᠯ ᠨᠧᠲ   ᠬᠦᠬᠡᠬᠤᠲᠠ ᠶᠢᠨ 8 ᠰᠠᠷ᠎ᠠ ᠶᠢᠨ 24 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) ᠭᠢᠷᠢᠨ ᠮᠤᠵᠢ ᠶᠢᠨ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠲᠠᠯ᠎ᠠ ᠨᠤᠲᠤᠭ ᠰᠤᠶᠤᠯ ᠤᠨ ᠤᠷᠲᠤᠨ ᠤ ᠦᠯᠢᠭᠡᠷᠴᠢ ᠪᠤᠤ ᠴᠤᠭᠵᠤ ᠪᠤᠯ ᠬᠤᠭᠤᠷ ᠤᠨ ᠦᠯᠢᠭᠡᠷ ᠤᠨ ᠤᠯᠤᠰ ᠤᠨ ᠵᠡᠷᠭᠡᠯᠡᠯ ᠤᠨ ᠪᠡᠶᠡᠲᠦ ᠪᠤᠰᠤ ᠰᠤᠶᠤᠯ ᠤᠨ ᠦᠪ ᠤᠨ ᠦᠪᠯᠡᠨ ᠵᠠᠯᠭᠠᠮᠵᠢᠯᠠᠭᠴᠢ ᠪᠤᠯᠤᠨ᠎ᠠ᠃ ᠲᠡᠷᠡᠪᠡᠷ 1969 ᠤᠨ ᠤ 10 ᠰᠠᠷ᠎ᠠ ᠶᠢᠨ 5 ᠤ ᠡᠲᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠤᠯ ᠤᠨ ᠵᠢᠷᠢᠮ ᠠᠶᠢᠮᠠᠭ ᠤᠨ ᠶᠤᠯᠤᠨᠮᠤᠲᠤ ᠰᠤᠮᠤᠨ ᠤ ᠪᠠᠶᠠᠨᠲᠤᠬᠤᠢ ᠭᠠᠴᠠᠭᠠᠨ ᠤ ᠪᠤᠷᠵᠢᠬᠢᠨ ᠰᠧᠫᠠ ᠶᠢᠨ ᠤᠳᠬᠤᠨ ᠬᠦᠦ ᠨᠢ ᠪᠤᠯᠵᠤ ᠵᠠᠶᠠᠭᠠᠪᠠ᠃ ᠪᠤᠤ ᠴᠤᠭᠵᠤ ᠲᠦᠷᠦᠯᠬᠢ ᠬᠤᠭᠤᠷ ᠤᠨ ᠦᠯᠢᠭᠡᠷ ᠲᠦ ᠠᠪᠢᠶᠠᠰ ᠲᠠᠢ ᠪᠡᠷ ᠪᠠᠷᠠᠬᠤ ᠦᠭᠡᠢ ᠭᠡᠷ ᠪᠦᠯᠢ ᠶᠢᠨ ᠬᠢᠨ ᠤ ᠨᠦᠯᠦᠭᠡᠯᠡᠯ ᠡᠴᠡ ᠪᠤᠯᠵᠤ ᠪᠠᠭ᠎ᠠ ᠨᠠᠰᠤᠨ ᠡᠴᠡ ᠡᠬᠢᠯᠡᠨ ᠬᠤᠭᠤᠷ ᠤᠨ ᠦᠯᠢᠭᠡᠷ ᠬᠡᠯᠡᠵᠦ᠂ ᠠᠷᠠᠳ ᠤᠨ ᠲᠠᠭᠤᠤ ᠲᠠᠭᠤᠯᠠᠵᠤ᠂ ᠬᠤᠯᠪᠤᠵᠤ ᠲᠠᠭᠠᠷᠢᠯᠴᠠᠲᠠᠭ᠃

    — ᠮᠢᠨᠦ ᠠᠪᠤ ᠪᠤᠯ ᠬᠤᠯᠠ ᠤᠶᠢᠷ᠎ᠠ ᠳ᠋ᠠᠭᠠᠨ ᠨᠡᠷᠡᠲᠡᠢ ᠶᠠᠪᠠᠭᠠᠨ ᠦᠯᠢᠭᠡᠷᠴᠢ᠂ ᠰᠤᠷᠭᠠᠭᠤᠯᠢ ᠰᠤᠶᠤᠯ ᠤᠨ ᠮᠦᠷ ᠢ ᠬᠦᠬᠡᠭᠡᠭᠰᠡᠨ ᠦᠭᠡᠢ ᠪᠤᠯᠪᠠᠴᠤ ᠡᠷᠲᠡᠨ ᠤ ᠲᠠᠩ ᠰᠦᠩ ᠤᠯᠤᠰ ᠤᠨ ᠦᠯᠢᠭᠡᠷ ᠢ ᠰᠠᠶᠢᠬᠠᠨ ᠶᠠᠷᠢᠵᠤ᠂ ᠬᠦᠮᠦᠰ ᠤᠨ ᠦᠨᠳᠦᠷ ᠦᠨᠡᠯᠡᠭᠡ ᠶᠢ ᠤᠯᠲᠠᠭ ᠪᠠᠶᠢᠭᠰᠠᠨ ᠳ᠋ᠠ᠃ ᠲᠤᠬᠠᠢ ᠶᠢᠨ ᠦᠶ᠎ᠠ ᠶᠢᠨ ᠠᠮᠢᠲᠤᠷᠠᠯ ᠶᠠᠲᠠᠭᠤ ᠵᠦᠲᠡᠬᠦᠦ ᠤᠴᠢᠷ ᠡᠴᠡ ᠡᠵᠢ ᠮᠠᠨᠢ ᠲᠤᠰᠤᠨ ᠳ᠋ᠧᠩ ᠤᠨ ᠲᠤᠤᠷ᠎ᠠ ᠦᠢᠯᠡ ᠤᠲᠠᠰᠤᠨ ᠤ ᠠᠵᠢᠯ ᠢᠶᠡᠨ ᠬᠢᠬᠦ ᠶᠢᠨ ᠲᠠᠭᠠᠤ ᠠᠷᠠᠳ ᠤᠨ ᠲᠠᠭᠤᠤ ᠪᠠᠨ ᠲᠠᠭᠤᠯᠠᠲᠠᠭ᠃ ᠮᠢᠨᠦ ᠪᠦᠯᠦ ᠨᠠᠭᠠᠴᠤ ᠨᠠᠮᠵᠢᠯ ᠪᠤᠯ ᠮᠦᠨ ᠴᠤ ᠨᠡᠷᠡᠲᠦ ᠴᠤᠭᠤᠷᠴᠢᠨ᠂ ᠮᠠᠩᠭᠤᠰ ᠤᠨ ᠦᠯᠢᠭᠡᠷ ᠢ ᠬᠠᠶᠢᠯᠬᠤ ᠪᠡᠷ ᠪᠠᠷᠠᠬᠤ ᠦᠭᠡᠢ ᠠᠷᠠᠳ ᠤᠨ ᠲᠠᠭᠤᠤ ᠶᠢ ᠴᠤ ᠰᠠᠶᠢᠬᠠᠨ ᠲᠠᠭᠤᠯᠠᠲᠠᠭ ᠃

    1981 ᠤᠨ ᠳ᠋ᠤ ᠠᠷᠠᠳ ᠤᠨ ᠤᠷᠠᠯᠢᠭᠴᠢᠨ ᠴᠧᠨ ᠭᠧᠨᠵᠠᠪ ᠲᠤ ᠱᠠᠪᠢᠯᠠᠵᠤ᠂ ᠬᠤᠭᠤᠷ ᠤᠨ ᠦᠯᠢᠭᠡᠷ ᠤᠨ ᠤᠷᠠᠯᠢᠭ ᠤᠨ ᠵᠠᠮ ᠢᠶᠡᠨ ᠡᠯᠬᠦᠨ ᠲᠤᠬᠠᠢ ᠶᠢᠨ ᠤᠨ ᠤ ᠡᠪᠦᠯ ᠤᠤᠯ ᠤᠨ ᠵᠢᠷᠢᠮ ᠠᠶᠢᠮᠠᠭ ᠤᠨ ᠷᠠᠳᠢᠣ᠋ ᠨᠡᠪᠲᠡᠷᠡᠬᠦᠯᠭᠡ ᠶᠢᠨ ᠬᠤᠷᠢᠶ᠎ᠠ ᠶᠢᠨ ᠪᠠᠭᠠᠴᠤᠳ ᠬᠡᠦᠬᠡᠳ ᠲᠤ ᠵᠤᠷᠢᠭᠤᠯᠤᠭᠰᠠᠨ ᠨᠡᠪᠲᠡᠷᠡᠬᠦᠯᠭᠡ ᠳ᠋ᠤ 120 ᠮᠢᠨᠦ᠋ᠲ ᠤᠨ ᠤᠬᠤᠷᠬᠠᠨ ᠬᠤᠭᠤᠷ ᠤᠨ ᠦᠯᠢᠭᠡᠷ ᠪᠠ ᠬᠤᠯᠪᠤᠭ᠎ᠠ ᠰᠢᠩᠭᠡᠭᠡᠪᠡ᠃ ᠷᠠᠳᠢᠣ᠋ ᠪᠡᠷ ᠨᠡᠪᠲᠡᠷᠡᠬᠦᠯᠦᠭᠰᠡᠨ ᠤ ᠲᠠᠷᠠᠭ᠎ᠠ ᠰᠤᠨᠤᠰᠤᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠢᠶᠡᠷ ᠲᠡᠭᠦᠨ ᠤ ᠬᠤᠭᠤᠷ ᠤᠨ ᠦᠯᠢᠭᠡᠷ ᠰᠤᠷᠬᠤ ᠢᠲᠡᠭᠡᠯ ᠵᠤᠷᠢᠭ ᠢ ᠨᠢ ᠤᠯᠠᠮ ᠬᠦᠪᠴᠢᠯᠡᠪᠡ᠃ ᠮᠦᠨ ᠤᠨ ᠤ ᠡᠪᠦᠯ ᠳ᠋ᠤᠨᠢ ᠬᠤᠰᠢᠭᠤ ᠨᠤᠲᠤᠭ ᠲᠠᠭᠠᠨ ᠠᠯᠲᠠᠷ ᠨᠡᠷ᠎ᠡ ᠲᠠᠢ ᠭᠤᠨᠠᠭ᠎ᠠ ᠬᠤᠭᠤᠷᠴᠢ ᠳ᠋ᠤ ᠱᠠᠪᠢᠯᠠᠨ ᠬᠤᠭᠤᠷ ᠤᠨ ᠦᠯᠢᠭᠡᠷ ᠢ ᠰᠢᠰᠲ᠋ᠧᠮ ᠲᠠᠢ ᠰᠤᠷᠤᠯᠴᠠᠪᠠ᠃ 2000 ᠤᠨ ᠳ᠋ᠤ ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠳ᠋ᠤ ᠪᠤᠯᠤᠭᠰᠠᠨ ᠤᠯᠤᠰ ᠲᠠᠶᠠᠭᠠᠷ ᠤᠨ ᠠᠩᠬᠠᠲᠠᠭᠴᠢ ᠬᠤᠭᠤᠴᠠᠭᠠᠨ ᠤ ᠬᠤᠭᠤᠷ ᠤᠨ ᠦᠯᠢᠭᠡᠷ ᠤᠨ ᠰᠢᠩᠬᠡᠬᠡᠨ ᠮᠦᠷᠦᠶᠢᠴᠡᠬᠦ ᠬᠤᠷᠠᠯ  ᠳ᠋ᠤ ᠤᠷᠤᠯᠴᠠᠨ ᠭᠤᠷᠪᠠᠲᠤᠭᠠᠷ ᠲᠡᠰ ᠤᠨ ᠱᠠᠩᠨᠠᠯ ᠬᠦᠷᠲᠡᠪᠡ᠃ ᠲᠤᠰ ᠤᠷᠤᠯᠲᠤᠭᠠᠨ ᠤ ᠦᠶ᠎ᠠ ᠪᠡᠷ ᠡᠮᠦᠨᠡᠲᠦ ᠭᠤᠷᠯᠤᠰ ᠤᠨ ᠲᠠᠯ᠎ᠠ ᠨᠤᠲᠤᠭ ᠰᠤᠶᠤᠯ ᠤᠨ ᠤᠷᠲᠤᠨ ᠤ ᠲᠠᠷᠤᠭ᠎ᠠ ᠪᠤᠶᠠᠨᠴᠤᠭᠯᠠ ᠲᠡᠭᠦᠨ ᠤ ᠬᠤᠭᠤᠷ ᠤᠨ ᠦᠯᠢᠭᠡᠷ ᠤᠨ ᠠᠪᠢᠶᠠᠰ ᠪᠢᠯᠢᠭ᠌ ᠢ ᠲᠤᠭᠤᠵᠤ ᠪᠠᠬᠠᠷᠬᠠᠨ ᠭᠤᠷᠯᠤᠰ ᠨᠤᠲᠤᠭ ᠲᠠᠭᠠᠨ ᠤᠷᠢᠨ ᠠᠪᠠᠴᠢᠵᠤ ᠤᠲᠤ ᠪᠤᠯᠲᠠᠯ᠎ᠠ ᠲᠠᠯ᠎ᠠ ᠨᠤᠲᠤᠭ ᠤᠨ ᠰᠤᠶᠤᠯ ᠤᠨ ᠤᠷᠲᠤᠨ ᠳ᠋ᠤ ᠬᠤᠭᠤᠷ ᠤᠨ ᠦᠯᠢᠭᠡᠷ ᠤᠨ ᠠᠵᠢᠯ ᠳ᠋ᠤ ᠵᠢᠳᠬᠦᠨ ᠴᠢᠷᠮᠠᠶᠢᠵᠤ ᠪᠠᠶᠢᠭ᠎ᠠ ᠶᠤᠮ᠃

    — ᠠᠵᠠ ᠲᠤᠬᠢᠶᠠᠯ ᠲᠠᠭᠠᠷᠠᠵᠤ ᠭᠤᠷᠯᠤᠰ ᠨᠤᠲᠤᠭ ᠲᠤ ᠦᠪᠡᠷ ᠤᠨ ᠢᠶᠡᠨ ᠲᠤᠷᠠᠲᠠᠢ ᠠᠵᠢᠯ ᠦᠢᠯᠡᠰ ᠢᠶᠡᠨ ᠡᠷᠬᠢᠯᠡᠬᠦ ᠪᠤᠯᠤᠭᠰᠠᠨ ᠳ᠋ᠠᠭᠠᠨ ᠦᠪᠡᠷ ᠤᠨ ᠡᠷᠬᠡ ᠦᠭᠡᠢ ᠪᠠᠶᠠᠷᠯᠠᠭᠰᠠᠨ ᠶᠤᠮ᠃ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠡᠴᠡ ᠰᠤᠶᠤᠯ ᠤᠷᠠᠯᠢᠭ ᠤᠨ ᠠᠵᠢᠯ ᠢ ᠲᠦᠢᠯ ᠢᠶᠡᠷ ᠴᠢᠬᠤᠯᠠᠴᠢᠯᠵᠤ᠂ ᠬᠤᠭᠤᠷ ᠤᠨ ᠦᠯᠢᠭᠡᠷ ᠢ ᠬᠦᠨᠳᠦᠳᠭᠡᠵᠦ᠂ ᠤᠯᠠᠭᠠᠨᠮᠦ᠋ᠴᠢᠷ ᠤᠨ ᠤᠷᠠᠯᠢᠭ ᠤᠨ ᠪᠦᠯᠬᠦᠮ ᠬᠦᠲᠡᠭᠡ ᠤᠷᠤᠨ ᠨᠤᠲᠤᠭ ᠢᠶᠡᠷ ᠬᠦᠷᠴᠦ ᠤᠷᠠᠨ ᠰᠠᠶᠢᠬᠠᠨ ᠤ ᠲᠤᠭᠯᠠᠯᠲᠠ ᠭᠠᠷᠭᠠᠵᠤ ᠪᠠᠶᠢᠭᠰᠠᠨ ᠶᠤᠮ᠃ ᠨᠠᠳᠠ ᠪᠡᠷ ᠭᠤᠷᠯᠤᠰ ᠤᠨ ᠬᠤᠭᠤᠷ ᠤᠨ ᠦᠯᠢᠭᠡᠷ ᠤᠨ ᠪᠤᠯᠪᠠᠰᠤᠷᠠᠯ ᠤᠨ ᠠᠩᠬᠢ ᠡᠷᠬᠢᠯᠡᠬᠦᠯᠵᠦ᠂ ᠵᠠᠯᠠᠭᠤ ᠦᠯᠢᠭᠡᠷᠴᠢᠨ ᠢ ᠪᠤᠯᠪᠠᠰᠤᠷᠠᠭᠤᠯᠬᠤ ᠠᠵᠢᠯ ᠢ ᠭᠠᠷᠲᠠᠨ ᠬᠢᠯᠭᠡᠵᠦ ᠪᠠᠶᠢᠭᠰᠠᠨ ᠁

    2006 ᠤᠨ ᠤ 9 ᠰᠠᠷ᠎ᠠ ᠶᠢᠨ 1 ᠤ ᠡᠲᠦᠷ᠂ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠵᠦᠪᠰᠢᠶᠡᠷᠡᠯ ᠢᠶᠡᠷ 《ᠭᠤᠷᠯᠤᠰ ᠮᠤᠩᠭᠤᠯ ᠬᠤᠭᠤᠷ ᠤᠨ ᠦᠯᠢᠭᠡᠷ ᠤᠨ ᠤᠷᠠᠯᠢᠭ ᠤᠨ ᠰᠤᠲᠤᠯᠭᠠᠨ ᠤ ᠭᠠᠵᠠᠷ》 ᠢ᠋ ᠪᠠᠶᠢᠭᠤᠯᠵᠤ᠂ ᠪᠤᠤ ᠴᠤᠭᠵᠤ ᠪᠡᠷ ᠰᠤᠲᠤᠯᠭᠠᠨ ᠤ ᠭᠠᠵᠠᠷ ᠤᠨ ᠲᠠᠷᠤᠭ᠎ᠠ ᠶᠢᠨ ᠲᠤᠰᠢᠶᠠᠯ ᠢ ᠡᠭᠦᠷᠭᠡᠯᠡᠬᠦᠯᠪᠡ᠃ ᠲᠡᠷᠡᠪᠡᠷ ᠠᠷᠠᠳ ᠤᠨ ᠠᠮᠠᠨ ᠶᠠᠷᠢᠶ᠎ᠠ᠂ ᠦᠨᠡᠨ ᠬᠦᠮᠦᠨ ᠦᠨᠡᠨ ᠬᠡᠷᠡᠭ ᠢ ᠡᠮᠬᠢᠳᠭᠡᠨ ᠴᠤᠭᠯᠠᠭᠤᠯᠵᠤ᠂ ᠬᠤᠭᠤᠷ ᠤᠨ ᠦᠯᠢᠭᠡᠷ 40 ᠭᠠᠷᠤᠢ᠂ ᠬᠤᠯᠪᠤᠭ᠎ᠠ᠂ ᠠᠷᠠᠳ ᠤᠨ ᠲᠠᠭᠤᠤ᠂ ᠲᠠᠭᠤᠯᠠᠯᠲᠤ ᠵᠦᠴᠦᠬᠡ᠂ ᠦᠬᠦᠯᠡᠯ 50 ᠭᠠᠷᠤᠢ ᠨᠠᠶᠢᠷᠠᠭᠤᠯᠤᠨ ᠵᠤᠬᠢᠶᠠᠵᠤ᠂ ᠭᠢᠷᠢᠨ ᠮᠤᠵᠢ ᠶᠢᠨ 《ᠮᠤᠩᠭᠤᠯ ᠬᠡᠯᠡ ᠪᠢᠴᠢᠭ᠌》ᠰᠡᠳᠬᠦᠯ᠂ ᠦᠪᠦᠷ ᠮᠤᠩᠭᠤᠯ ᠤᠨ 《ᠬᠤᠨ ᠭᠠᠯᠠᠭᠤ》ᠰᠡᠳᠬᠦᠯ ᠳ᠋ᠤ ᠨᠡᠶᠢᠲᠡᠯᠡᠬᠦᠯᠪᠡ᠃ ᠲᠡᠭᠦᠨ ᠤ ᠨᠠᠶᠢᠷᠠᠭᠤᠯᠤᠭᠰᠠᠨ 《ᠬᠤᠭᠤᠷ ᠤᠨ ᠦᠯᠢᠭᠡᠷ ᠤᠨ ᠬᠦᠲᠦᠯᠪᠦᠷᠢ ᠪᠢᠴᠢᠭ᠌》ᠨᠤᠮ ᠨᠢ ᠬᠤᠭᠤᠷ ᠤᠨ ᠦᠯᠢᠭᠡᠷ ᠤᠨ ᠲᠡᠦᠬᠡᠨ ᠳ᠋ᠡᠬᠢ ᠬᠤᠭᠤᠰᠤᠨ ᠢ ᠨᠦᠬᠦᠪᠦᠷᠢᠯᠡᠪᠡ᠃ ᠡᠭᠦᠨ ᠡᠴᠡ ᠭᠠᠲᠠᠨ᠎ᠠ 《ᠭᠤᠷᠯᠤᠰ ᠤᠨ ᠬᠤᠭᠤᠷ ᠤᠨ ᠦᠯᠢᠭᠡᠷ ᠤᠨ ᠰᠤᠩᠭᠤᠮᠠᠯ》᠂ 《ᠬᠤᠷᠴᠢᠨ ᠪᠦᠬᠡ ᠮᠦᠷᠬᠦᠯ ᠤᠨ ᠰᠤᠶᠤᠯ ᠤᠷᠠᠯᠢᠭ ᠤᠨ ᠮᠦᠷᠲᠡᠯᠲᠡ》ᠬᠡᠮᠡᠬᠦ ᠨᠤᠮ ᠢ ᠵᠤᠬᠢᠶᠠᠨ ᠪᠦᠲᠦᠭᠡᠪᠡ᠃ 2007 ᠤᠨ ᠳ᠋ᠤ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠡᠴᠡ ᠬᠤᠭᠤᠷ ᠤᠨ ᠦᠯᠢᠭᠡᠷ ᠢ ᠤᠯᠤᠰ ᠤᠨ ᠬᠤᠶᠡᠲᠡᠬᠢ ᠡᠭᠡᠯᠵᠢ ᠶᠢᠨ ᠪᠡᠶᠡᠲᠦ ᠪᠤᠰᠤ ᠰᠤᠶᠤᠯ ᠤᠨ ᠦᠪ ᠢᠶᠡᠷ ᠠᠮᠵᠢᠯᠲᠠ ᠲᠠᠢ ᠪᠦᠷᠢᠳᠬᠡᠬᠦᠯᠵᠦ᠂ 2008 ᠤᠨ ᠳ᠋ᠤ ᠪᠤᠤ ᠴᠤᠭᠵᠤ ᠬᠤᠭᠤᠷ ᠤᠨ ᠦᠯᠢᠭᠡᠷ ᠤᠨ ᠪᠡᠶᠡᠲᠦ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠪᠡᠷ ᠴᠤᠯᠠᠯᠠᠭᠲᠠᠪᠠ᠃ 2010 ᠤᠨ ᠡᠴᠡ 2013 ᠤᠨ ᠤ ᠬᠤᠭᠤᠷᠤᠨᠲᠤ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ᠂ ᠭᠧᠷᠮᠠᠨ ᠤ ᠪᠤᠨ ᠶᠡᠬᠡ ᠰᠤᠷᠭᠠᠭᠤᠯᠢ᠂ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠲᠠᠯ᠎ᠠ ᠨᠤᠲᠤᠭ  ᠰᠤᠶᠤᠯ ᠤᠨ ᠤᠷᠲᠤᠨ ᠬᠠᠮᠲᠤᠷᠠᠨ ᠬᠤᠭᠤᠷ ᠤᠨ ᠦᠯᠢᠭᠡᠷ ᠤᠨ ᠲᠤᠬᠠᠢ ᠦᠷᠭᠡᠨ ᠬᠡᠮᠵᠢᠶᠠᠨ ᠤ ᠰᠢᠨᠵᠢᠯᠡᠭᠡ ᠰᠤᠲᠤᠯᠭ᠎ᠠ ᠬᠢᠪᠡ᠃ ᠪᠤᠤ ᠴᠤᠭᠵᠤ ᠡᠷᠲᠡᠮ ᠰᠢᠨᠵᠢᠯᠡᠭᠡᠨ ᠤ ᠬᠤᠷᠠᠯ ᠪᠤᠶᠤ ᠬᠡᠬᠡᠷ᠎ᠡ ᠶᠢᠨ ᠪᠠᠶᠢᠴᠠᠭᠠᠯᠲᠠ ᠵᠡᠷᠭᠡ ᠠᠵᠢᠯᠯᠠᠭ᠎ᠠ ᠳ᠋ᠦ ᠢᠲᠡᠪᠬᠢᠲᠡᠢ ᠤᠷᠤᠯᠴᠠᠭᠰᠠᠨ ᠢᠶᠡᠷ ᠪᠠᠷᠠᠬᠤ ᠦᠭᠡᠢ ᠬᠠᠷᠢ ᠭᠠᠲᠠᠭᠠᠲᠤ ᠶᠢᠨ ᠬᠦᠮᠦᠰ ᠲᠤ ᠬᠤᠭᠤᠷ ᠤᠨ ᠦᠯᠢᠭᠡᠷ ᠤᠨ ᠰᠤᠲᠤᠨ ᠭᠠᠶᠢᠬᠠᠮᠰᠢᠭ ᠢ ᠰᠤᠨᠢᠷᠬᠠᠭᠤᠯᠵᠤ᠂ ᠮᠤᠩᠭᠤᠯ ᠠᠮᠢᠲᠤᠷᠠᠯ᠂ ᠮᠤᠩᠭᠤᠯ ᠵᠠᠩ ᠦᠢᠯᠡ ᠵᠡᠷᠭᠡ ᠶᠢᠨ ᠲᠤᠭᠤᠷᠢᠨ ᠳ᠋ᠤ ᠡᠷᠲᠡᠮ ᠰᠢᠨᠵᠢᠯᠡᠭᠡᠨ ᠤ ᠶᠠᠷᠢᠯᠴᠠᠬᠤ ᠬᠤᠷᠠᠯ ᠵᠡᠷᠭᠡ ᠶᠢ ᠡᠷᠬᠢᠯᠡᠨ ᠬᠢᠵᠡᠢ᠃

    ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠫᠷᠤᠹᠧᠰᠰᠤᠷ ᠴᠤᠭᠲᠤ ᠡᠴᠡ᠂ ᠪᠤᠤ ᠴᠤᠭᠵᠤ ᠤᠯᠠᠨ ᠤᠲᠠᠭᠠᠨ ᠤ ᠦᠯᠢᠭᠡᠷ ᠬᠤᠯᠪᠤᠭ᠎ᠠ ᠶᠢᠨ ᠤᠷᠤᠯᠲᠤᠭᠠᠨ ᠳ᠋ᠤ ᠤᠷᠤᠯᠴᠠᠵᠤ᠂ ᠬᠤᠭᠤᠷ ᠤᠨ ᠦᠯᠢᠭᠡᠷ ᠬᠡᠮᠡᠬᠦ ᠦᠨᠳᠦᠰᠦᠲᠡᠨ ᠤ ᠪᠠᠨ ᠰᠤᠶᠤᠯ ᠤᠷᠠᠯᠢᠭ ᠢ ᠡᠧᠦ᠋ᠷᠦᠫᠠ ᠲᠢᠪ ᠤᠨ ᠤᠯᠤᠰ ᠤᠷᠤᠨ ᠳ᠋ᠤ ᠬᠦᠷᠲᠡᠯ᠎ᠡ ᠭᠠᠶᠢᠬᠠᠭᠤᠯᠵᠤ ᠶᠠᠪᠤᠭᠰᠠᠨ ᠭᠠᠪᠢᠶᠠᠲᠦ ᠬᠤᠭᠤᠷᠴᠢ ᠪᠤᠯᠤᠨ᠎ᠠ᠃ ᠲᠡᠷᠡᠪᠡᠷ ᠮᠤᠩᠭᠤᠯ ᠬᠢᠲᠠᠳ ᠬᠡᠯᠡ ᠪᠡᠷ ᠬᠤᠭᠤᠷ ᠤᠨ ᠦᠯᠢᠭᠡᠷ ᠬᠡᠯᠡᠲᠡᠭ ᠤᠨᠴᠠᠭᠠᠢ ᠠᠪᠢᠶᠡᠰ ᠲᠠᠢ ᠪᠡᠷ ᠪᠠᠷᠠᠬᠤ ᠦᠭᠡᠢ ᠤᠯᠠᠨ ᠱᠠᠪᠢ ᠬᠦᠮᠦᠵᠢᠬᠦᠯᠵᠦ᠂ ᠬᠤᠭᠤᠷ ᠤᠨ ᠦᠯᠢᠭᠡᠷ ᠤᠨ ᠤᠯᠠᠮᠵᠢᠯᠠᠯ ᠳ᠋ᠤ ᠬᠤᠪᠢ ᠨᠡᠮᠡᠷᠢ ᠤᠷᠤᠭᠤᠯᠤᠭᠰᠠᠨ ᠶᠤᠮ᠃ ᠨᠡᠩ ᠴᠢᠬᠤᠯᠠ ᠨᠢ ᠠᠯᠢ ᠤᠯᠠᠨ ᠭᠢᠯᠪᠢᠭᠡᠨ ᠬᠤᠭᠤᠷ ᠤᠨ ᠦᠯᠢᠭᠡᠷ ᠢ ᠵᠤᠬᠢᠶᠠᠨ ᠬᠡᠯᠡᠵᠦ᠂ ᠰᠤᠨᠤᠰᠤᠭᠴᠢ ᠶᠢᠨ ᠬᠠᠯᠠᠭᠤᠨ ᠬᠦᠷᠢᠶᠡᠯᠡᠯ ᠢ ᠤᠯᠤᠭᠰᠠᠨ ᠢᠶᠡᠷ ᠦᠯᠦ ᠪᠠᠷᠠᠮ ᠬᠤᠭᠤᠷ ᠤᠨ ᠦᠯᠢᠭᠡᠷ ᠢ ᠰᠤᠷᠴᠤ ᠪᠤᠯᠪᠠᠰᠤᠷᠠᠬᠤ ᠰᠤᠩᠭᠤᠲᠠᠨ ᠦᠯᠢᠭᠡᠷ ᠵᠢᠱᠢᠶ᠎ᠠ ᠪᠤᠯᠵᠤ ᠪᠤᠯᠬᠤ ᠶᠤᠮ ᠭᠡᠵᠦ ᠦᠨᠡᠯᠡᠪᠡ᠃

    ᠪᠤᠤ ᠴᠤᠭᠵᠤ ᠬᠤᠭᠤᠷ ᠤᠨ ᠦᠯᠢᠭᠡᠷ ᠢ ᠦᠪᠯᠡᠨ ᠤᠯᠠᠮᠵᠢᠯᠠᠬᠤ᠂ ᠡᠷᠲᠡᠮ ᠰᠢᠨᠵᠢᠯᠡᠭᠡᠨ ᠤ ᠠᠵᠢᠯ ᠳ᠋ᠤ ᠬᠦᠴᠦᠨ ᠵᠢᠳᠬᠦᠯ ᠤᠷᠤᠭᠤᠯᠤᠬᠰᠠᠨ ᠡᠴᠡ ᠭᠠᠲᠠᠨ᠎ᠠ ᠲᠤᠮᠲᠠᠲᠤ ᠤᠯᠤᠰ ᠤᠨ ᠤᠳᠬ᠎ᠠ ᠤᠷᠠᠯᠢᠭ ᠤᠨ ᠬᠤᠯᠪᠤᠭ᠎ᠠ ᠶᠢᠨ ᠠᠷᠪᠠᠲᠤᠭᠠᠷ ᠬᠤᠭᠤᠴᠠᠭᠠᠨ ᠤ ᠬᠡᠰᠢᠬᠦᠨ᠂ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠵᠤᠴᠢᠮᠠᠳ ᠫᠷᠤᠹᠧᠰᠰᠤᠷ᠂ ᠭᠢᠷᠢᠨ ᠮᠤᠵᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠨᠴᠠ ᠤᠷᠢᠭᠰᠠᠨ ᠰᠤᠲᠤᠯᠤᠭᠴᠢ᠂ ᠰᠦᠩᠶᠤᠧᠠᠨ ᠬᠤᠲᠠ ᠶᠢᠨ ᠠᠷᠠᠳ ᠤᠨ ᠤᠳᠬ᠎ᠠ ᠵᠤᠬᠢᠶᠠᠯᠴᠢᠳ ᠤᠨ ᠨᠡᠶᠢᠭᠡᠮᠯᠢᠭ ᠤᠨ ᠲᠡᠳ᠋ ᠲᠡᠷᠢᠬᠦᠯᠡᠭᠴᠢ ᠵᠡᠷᠭᠡ ᠤᠯᠠᠨ ᠨᠡᠶᠢᠭᠡᠮ ᠤᠨ ᠲᠤᠰᠢᠶᠠᠯ ᠢ ᠬᠠᠷᠢᠭᠤᠴᠠᠵᠤ ᠪᠠᠶᠢᠨ᠎ᠠ᠃ 2014 ᠤᠨ ᠳ᠋ᠤ ᠭᠢᠷᠢᠨ ᠮᠤᠵᠢ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠡᠴᠡ 《ᠭᠢᠷᠢᠨ ᠢ ᠲᠤᠭᠲᠤᠯᠤᠭᠤᠯᠤᠭᠰᠠᠨ ᠠᠷᠪᠠᠨ ᠰᠤᠲᠤᠨ ᠬᠦᠮᠦᠨ》 ᠤ᠋ ᠨᠢᠭᠡ ᠪᠡᠷ ᠰᠤᠩᠭᠤᠨ᠂ 2015 ᠤᠨ ᠳ᠋ᠤ ᠭᠢᠷᠢᠨ ᠮᠤᠵᠢ ᠶᠢᠨ ᠤᠶᠤᠨ ᠤ ᠪᠤᠯᠪᠠᠰᠤᠨ ᠤ ᠠᠯᠪᠠᠨ ᠡᠴᠡ 《ᠭᠢᠷᠢᠨ ᠤ ᠰᠠᠶᠢᠨ ᠬᠦᠮᠦᠨ᠂ ᠠᠵᠢᠯ ᠤᠨ ᠪᠠᠶᠢᠷᠢ ᠪᠠᠨ ᠪᠠᠲᠤ ᠰᠠᠬᠢᠲᠠᠭ 》ᠴᠤᠯᠠ ᠵᠡᠷᠭᠡ ᠶᠢ ᠤᠯᠭᠤᠨ ᠱᠠᠩᠨᠠᠨ ᠬᠦᠬᠢᠬᠦᠯᠪᠡ᠃

    — ᠪᠢ ᠪᠤᠯ ᠡᠩ ᠤᠨ ᠨᠢᠭᠡ ᠬᠤᠭᠤᠷᠴᠢᠨ᠂ ᠭᠤᠷᠯᠤᠰ ᠨᠤᠲᠤᠭ ᠨᠠᠳᠠ ᠳ᠋ᠦ ᠤᠷ᠎᠎ᠠ ᠠᠪᠢᠶᠠᠰ ᠢᠶᠡᠨ ᠪᠠᠲᠠᠷᠠᠭᠤᠯᠬᠤ ᠲᠠᠪᠴᠠᠩ ᠬᠠᠩᠭᠠᠭᠰᠠᠨ ᠶᠤᠮ᠂ ᠢᠷᠠᠭᠤ ᠠᠯᠲᠠᠷ ᠤᠯᠭᠤᠵᠤ ᠦᠭᠭᠦᠭᠰᠡᠨ ᠶᠤᠮ᠃ ᠡᠨᠡ ᠨᠤᠲᠤᠭ ᠤᠨ ᠬᠦᠮᠦᠰ ᠤᠨ ᠬᠠᠶᠢᠷ᠎ᠠ ᠬᠠᠯᠠᠮᠵᠢᠯᠠᠯ ᠳ᠋ᠤ ᠦᠷᠬᠦᠯᠵᠢ ᠪᠠᠶᠠᠷᠯᠠᠵᠤ ᠲᠠᠯᠠᠷᠬᠠᠵᠤ ᠶᠠᠪᠤᠲᠠᠭ᠂ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠬᠦᠴᠦᠲᠠᠢ ᠲᠡᠮᠵᠢᠯᠭᠡ ᠲᠤᠤᠷ᠎ᠠ ᠬᠤᠭᠤᠷ ᠤᠨ ᠦᠯᠢᠭᠡᠷ ᠢᠶᠡᠨ ᠰᠠᠶᠢᠲᠦᠷ ᠦᠪᠯᠡᠨ ᠵᠠᠯᠭᠠᠮᠵᠢᠯᠠᠵᠤ᠂ ᠭᠤᠷᠯᠤᠰ ᠤᠨ ᠰᠤᠶᠤᠯ ᠤᠨ ᠪᠠᠶᠢᠭᠤᠯᠤᠯᠲᠠ ᠳ᠋ᠤ ᠬᠦᠴᠦᠨ ᠨᠡᠮᠡᠷᠢ ᠤᠷᠤᠭᠤᠯᠬᠤ ᠪᠡᠷ ᠦᠷᠬᠦᠯᠵᠢᠯᠡᠨ ᠴᠢᠷᠮᠠᠶᠢᠨ ᠠᠵᠢᠯᠯᠠᠨ᠎ᠠ᠃

    ᠡᠨᠡ ᠪᠤᠯ ᠪᠤᠤ ᠴᠤᠭᠵᠤ ᠶᠢᠨ ᠦᠨᠡᠨ ᠰᠡᠳᠬᠢᠯ ᠤᠨ ᠦᠭᠡ᠂ ᠲᠡᠭᠦᠨ ᠤ ᠬᠤᠵᠢᠮ ᠤᠨ ᠬᠠᠷᠠᠯᠳᠠ ᠮᠦᠨ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121537644