蒙古文网站Logo
ᠰᠢᠨᠬᠤᠸᠠ ᠮᠤᠩᠭ᠋ᠤᠯ ᠨᠧᠲ

ᠳᠠᠭᠤᠯᠠᠯᠳᠦ ᠵᠦᠴᠦᠬᠡ 《ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠬᠡᠴᠢ ᠦᠬᠢᠨ ᠳᠡᠬᠦᠦ》 ᠶ᠋ᠢ ᠬᠦᠬᠡᠬᠤᠳᠠ ᠳᠤ ᠳᠤᠭᠯᠠᠪᠠ

2017-08-28 17:16

    8 ᠰᠠᠷ᠎ᠠ ᠶᠢᠨ 27 ᠤ ᠤᠷᠤᠢ᠂ ᠠᠷᠪᠠᠨ ᠳᠦᠷᠪᠡᠳᠦᠬᠡᠷ ᠬᠤᠭᠤᠴᠠᠭᠠᠨ ᠤ ᠳᠤᠮᠳᠠᠳᠦ ᠤᠯᠤᠰ·ᠦᠪᠦᠷ ᠮᠤᠩᠭ᠋ᠤᠯ ᠤᠨ ᠲᠠᠯ᠎ᠠ ᠨᠤᠳᠤᠭ ᠤᠨ ᠰᠤᠶᠤᠯ ᠤᠨ ᠨᠡᠢᠢᠷ ᠤᠨ ᠰᠢᠯᠢᠳᠡᠭ ᠵᠦᠴᠦᠬᠡ ᠶᠢᠨ ᠳᠡᠯᠬᠡᠨ ᠦᠵᠡᠬᠦᠯᠦᠯᠬᠡ ᠶᠢᠨ ᠨᠢᠬᠡ ᠠᠭᠤᠯᠭ᠎ᠠ ᠪᠤᠯᠬᠤ ᠳᠠᠭᠤᠯᠠᠯᠳᠦ ᠵᠦᠴᠦᠬᠡ《ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠬᠡᠴᠢ ᠦᠬᠢᠨ ᠳᠡᠬᠦᠦ》 ᠶ᠋ᠢ ᠬᠦᠬᠡᠬᠤᠳᠠ ᠳᠤ ᠳᠤᠭᠯᠠᠪᠠ᠃ ᠳᠤᠰ ᠵᠦᠴᠦᠬᠡ ᠨᠢ 1964 ᠤᠨ ᠳᠤ ᠦᠪᠦᠷ ᠮᠤᠩᠭ᠋ᠤᠯ ᠤᠨ ᠲᠠᠯ᠎ᠠ ᠨᠤᠳᠤᠭ ᠲᠦ ᠡᠬᠦᠰᠦᠭᠰᠡᠨ ᠯᠦᠩ ᠮᠸᠢ᠂ ᠢᠤᠢ ᠷᠦᠩ ᠡᠬᠡᠴᠢ ᠳᠡᠬᠦᠦ ᠬᠤᠶᠠᠭᠤᠯᠠ ᠴᠠᠰᠤ ᠰᠢᠭᠤᠷᠭᠠᠨ ᠡᠴᠡ ᠨᠢᠬᠡᠳᠦᠯ ᠤᠨ ᠬᠤᠨᠢᠨ ᠰᠦᠷᠦᠭ ᠢ ᠬᠠᠮᠠᠭᠠᠯᠠᠭᠰᠠᠨ ᠦᠨᠡᠨ ᠪᠤᠳᠠᠲᠤ ᠭᠡᠷᠡᠭ ᠡᠴᠡ ᠰᠡᠳᠦᠪᠯᠡᠨ ᠵᠤᠬᠢᠶᠠᠭᠳᠠᠭᠰᠠᠨ ᠪᠦᠳᠦᠭᠡᠯ ᠪᠤᠯᠤᠨ᠎ᠠ᠃ ᠳᠤᠰ ᠵᠦᠴᠦᠭᠡ ᠶᠢ ᠦᠪᠦᠷ ᠮᠤᠩᠭ᠋ᠤᠯ ᠤᠨ ᠦᠨᠳᠦᠰᠦᠳᠡᠨ ᠤ ᠤᠷᠠᠯᠢᠭ ᠵᠦᠴᠦᠬᠡ ᠵᠢᠨ ᠬᠦᠷᠢᠶᠡᠯᠡᠩ ᠤᠨ ᠦᠯᠢᠬᠡᠷ ᠮᠤᠩᠭ᠋ᠤᠯ ᠵᠦᠴᠦᠬᠡ ᠵᠢᠨ ᠪᠦᠯᠬᠦᠮ ᠡᠴᠡ ᠳᠤᠭᠯᠠᠵᠦ᠂ ᠠᠩᠬ᠎ᠠ ᠤᠳᠠᠭ᠎ᠠ ᠳᠠᠭᠤᠯᠠᠯᠳᠦ ᠵᠦᠴᠦᠬᠡ ᠵᠢᠨ ᠭᠡᠯᠪᠡᠷᠢ ᠪᠡᠷ ᠲᠠᠢᠢᠰᠠᠨ᠎ᠠ ᠳᠡᠯᠭᠡᠵᠦ ᠪᠠᠢᠢᠭ᠎ᠠ ᠶᠤᠮ᠃

    ᠪᠦᠬᠦ ᠵᠦᠴᠦᠬᠡ ᠨᠢ ᠢᠯᠡ ᠳᠤᠳᠤᠷᠬᠠᠢ ᠦᠨᠳᠦᠰᠦᠳᠡᠨ ᠤ ᠤᠷᠠᠯᠢᠭ ᠤᠨ ᠭᠡᠪ ᠨᠠᠮᠪᠠ ᠲᠠᠢ᠂ ᠤᠷᠳᠤ ᠶᠢᠨ ᠳᠠᠭᠤᠤ᠂ ᠬᠦᠬᠡᠮᠡᠢ᠂ ᠮᠤᠩᠭ᠋ᠤᠯ ᠪᠦᠵᠢᠭ᠌ ᠵᠡᠷᠭᠡ ᠶᠢ ᠤᠳᠤ ᠦᠶ᠎ᠠ ᠵᠢᠨ ᠳᠠᠭᠤᠯᠠᠯᠳᠦ ᠵᠦᠴᠦᠬᠡ ᠶᠢᠨ ᠡᠯᠸᠮᠸᠨ᠋ᠲ ᠲᠠᠢ ᠤᠷᠭᠠᠨᠢᠭ ᠢᠶᠡᠷ ᠤᠶᠠᠯᠳᠤᠭᠤᠯᠵᠦ᠂ ᠨᠡᠢᠢᠬᠡᠮ ᠳᠡᠭᠡᠷᠡᠬᠢ ᠡᠬᠡᠯ ᠬᠦᠮᠦᠰ ᠤᠨ ᠰᠤᠷᠪᠤᠯᠵᠢᠯᠠᠭ᠎ᠠ ᠪᠠ ᠳᠡᠤᠭᠡ ᠵᠢᠨ ᠮᠠᠲ᠋ᠸᠷᠢᠶᠠᠯ ᠢ ᠸᠢᠳᠢᠣ᠋ ᠪᠢᠴᠢᠯᠬᠡ ᠪᠡᠷ ᠬᠠᠪᠰᠤᠷᠭᠠᠨ ᠳᠡᠯᠭᠡᠵᠦ᠂ ᠦᠵᠡᠭᠴᠢᠳ ᠲᠦ ᠨᠡᠩ ᠦᠷᠬᠡᠨ ᠬᠠᠷᠠᠭᠠᠰᠦ ᠡᠴᠡ ᠵᠦᠴᠦᠭᠡ ᠶᠢᠨ ᠦᠯᠢᠭᠡᠷ ᠢᠶᠡᠨ ᠬᠦᠤᠷᠨᠢᠭᠰᠡᠨ ᠪᠠᠢᠢᠨ᠎ᠠ᠃

    ᠳᠤᠰ ᠵᠦᠴᠦᠬᠡ ᠵᠢᠨ ᠤᠳᠤᠷᠢᠳᠤᠭᠠᠴᠢ ᠬᠤᠷᠴᠠ ᠰᠤᠷᠪᠤᠯᠵᠢᠯᠠᠭ᠎ᠠ ᠬᠦᠯᠢᠶᠡᠬᠦ ᠳᠡᠭᠡᠨ᠄《ᠮᠠᠨ ᠤ ᠪᠦᠯᠬᠦᠮ ᠡᠨᠡᠬᠦ ᠬᠦᠮᠦᠨ ᠪᠦᠬᠦᠨ ᠤ ᠰᠡᠳᠬᠢᠯ ᠳᠤ ᠬᠠᠳᠠᠩᠰᠢᠭᠰᠠᠨ ᠪᠠᠭᠠᠳᠤᠷᠯᠢᠭ ᠦᠢᠯᠡ ᠶᠠᠪᠤᠳᠠᠯ ᠢ ᠭᠡᠷᠬᠢᠨ ᠰᠠᠢᠢᠬᠠᠨ ᠢᠯᠡᠷᠡᠬᠦᠯᠬᠦ ᠳᠤᠬᠠᠢ ᠨᠦᠷᠢ ᠶᠡᠬᠡ ᠬᠦᠴᠦ ᠬᠦᠳᠡᠯᠮᠦᠷᠢ ᠵᠠᠷᠤᠴᠠᠭᠤᠯᠤᠭᠰᠠᠨ᠂ 100 ᠭᠠᠷᠤᠢ ᠳᠤᠭᠯᠠᠭᠴᠢ ᠪᠠ ᠵᠤᠬᠢᠶᠠᠨ ᠪᠦᠳᠦᠬᠡᠬᠦ ᠪᠠᠭ ᠤᠨ ᠬᠦᠮᠦᠰ ᠭᠤᠷᠪᠡᠨ ᠰᠠᠷ᠎ᠠ ᠵᠢᠨ ᠪᠠᠴᠢᠮ ᠶᠠᠭᠠᠷᠠᠯᠳᠠᠢ ᠪᠡᠯᠡᠳᠭᠡᠯ ᠪᠤᠯᠪᠠᠰᠤᠷᠠᠯ ᠢ ᠳᠠᠮᠵᠢᠭᠠᠳ ᠦᠨᠦᠳᠦᠷ ᠤᠯᠠᠨ ᠤ ᠡᠮᠦᠨ᠎ᠠ ᠪᠦᠳᠦᠬᠡᠯ ᠢᠶᠡᠨ ᠳᠡᠯᠭᠡᠬᠦ ᠪᠤᠯᠤᠭᠰᠠᠨ ᠳᠤ ᠰᠡᠳᠬᠢᠯ ᠮᠠᠰᠢ ᠦᠨᠳᠦᠷ ᠪᠠᠢᠢᠨ᠎ᠠ᠃ ᠤᠳᠤ ᠮᠠᠨ ᠤ ᠠᠮᠢᠳᠤᠷᠠᠯ ᠰᠠᠢᠢᠵᠢᠷᠠᠭᠰᠠᠨ᠂ ᠭᠡᠪᠡᠴᠤ ᠬᠤᠪᠢ ᠪᠡᠶ᠎ᠠ ᠪᠡᠨ ᠦᠷᠡᠭᠳᠡᠬᠦᠯᠵᠦ ᠨᠡᠢᠢᠳᠡ ᠶᠢᠨ ᠠᠰᠢᠬ ᠳᠤᠰᠠ ᠶᠢ ᠳᠡᠭᠡᠳᠦᠯᠡᠳᠡᠭ ᠵᠤᠷᠢᠭ ᠰᠠᠨᠠᠭ᠎ᠠ ᠤᠳᠤᠬᠢ ᠵᠠᠯᠠᠭᠤ ᠨᠢᠬᠡ ᠦᠶ᠎ᠠ ᠶᠢᠨ ᠬᠢᠨ ᠳᠤ ᠮᠠᠰᠢ ᠱᠠᠭᠠᠷᠳᠠᠭᠳᠠᠵᠦ ᠪᠤᠢ᠂ ᠳᠤᠰ ᠵᠦᠴᠦᠭᠡ ᠪᠡᠷ ᠳᠠᠮᠵᠢᠭᠤᠯᠤᠨ ᠪᠢᠳᠡ ᠯᠦᠩ ᠮᠸᠢ᠂ ᠢᠤᠢ ᠷᠦᠩ ᠤᠨ ᠪᠠᠭᠠᠳᠤᠷᠯᠢᠭ ᠳᠦᠷᠢ ᠲᠦᠷᠬᠦ ᠶᠢ ᠠᠮᠢᠯᠠᠭᠤᠯᠵᠦ ᠨᠡᠢᠢᠬᠡᠮ ᠨᠡᠢᠢᠳᠡ ᠳᠤ ᠢᠳᠡᠪᠬᠢᠳᠠᠢ ᠠᠮᠢᠳᠤᠷᠠᠬᠤᠢ ᠵᠢᠨ ᠦᠵᠡᠯᠳᠡ ᠪᠠ ᠦᠷᠳᠡᠭ ᠤᠨ ᠦᠵᠡᠯᠳᠠ ᠶᠢ ᠳᠠᠮᠵᠢᠭᠤᠯᠵᠦ ᠪᠠᠶᠢᠨ᠎ᠠ》ᠬᠡᠯ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121556390