蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠨᠳᠦᠰᠦᠲᠡᠨ ᠤ ᠤᠷᠠᠯᠢᠬ ᠵᠦᠴᠦᠬᠡ ᠶᠢᠨ ᠬᠦᠷᠢᠶᠡᠯᠡᠩ ᠳᠤ ᠭᠠᠳᠠᠭᠠᠲᠤ ᠳᠤ ᠲᠤᠮᠢᠯᠠᠨ ᠰᠤᠷᠤᠯᠴᠠᠭᠤᠯᠤᠭᠰᠠᠨ ᠰᠤᠷᠤᠭᠴᠢᠳ ᠤᠨ ᠲᠠᠶᠢᠯᠤᠨ ᠲᠤᠭᠯᠠᠯᠲᠠ ᠶᠠᠪᠤᠭᠳᠠᠪᠠ

2017-08-29 11:44

    ᠲᠦᠷᠦᠭᠦᠬᠡᠨ᠂ ᠦᠪᠦᠷ ᠮᠣᠩᠭᠣᠯ ᠤᠨ ᠦᠨᠳᠦᠰᠦᠲᠡᠨ ᠤ ᠤᠷᠠᠯᠢᠬ ᠵᠦᠴᠦᠬᠡ ᠶᠢᠨ ᠬᠦᠷᠢᠶᠡᠯᠡᠩ ᠤᠨ ᠦᠯᠢᠭᠡᠷ ᠤᠷᠠᠯᠢᠭ ᠤᠨ ᠤᠷᠳᠤᠨ ᠳᠤ ᠭᠠᠳᠠᠭᠠᠲᠤ ᠳᠤ ᠲᠤᠮᠢᠯᠠᠨ ᠰᠤᠷᠤᠯᠴᠠᠭᠤᠯᠤᠭᠰᠠᠨ ᠰᠤᠷᠤᠭᠴᠢᠳ ᠤᠨ ᠲᠠᠶᠢᠯᠤᠨ ᠲᠤᠭᠯᠠᠯᠲᠠ ᠶᠠᠪᠤᠭᠳᠠᠪᠠ᠃

    ᠲᠤᠰ ᠲᠠᠶᠢᠯᠤᠨ ᠲᠤᠭᠯᠠᠯᠲᠠ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠪᠡᠷ ᠵᠤᠷᠢᠯᠲᠠ ᠪᠡᠨ ᠪᠤᠯᠭᠠᠵᠤ᠂ ᠦᠪᠦᠷ ᠮᠣᠩᠭᠣᠯ ᠤᠨ ᠦᠨᠳᠦᠰᠦᠲᠡᠨ ᠤ ᠤᠷᠠᠯᠢᠬ ᠵᠦᠴᠦᠬᠡ ᠶᠢᠨ ᠬᠦᠷᠢᠶᠡᠯᠡᠩ ᠡᠴᠡ ᠭᠠᠳᠠᠭᠠᠲᠤ ᠳᠤ ᠲᠤᠮᠢᠯᠠᠨ ᠰᠤᠷᠤᠯᠴᠠᠭᠤᠯᠤᠭᠰᠠᠨ ᠰᠤᠷᠤᠭᠴᠢᠳ ᠤᠨ ᠤᠯᠤᠯᠲᠠ ᠠᠮᠵᠢᠯᠲᠠ  ᠶᠢ ᠦᠵᠡᠭᠦᠯᠪᠠ ᠃ ᠲᠤᠭᠯᠠᠭᠴᠢᠳ ᠤᠨ ᠡᠩᠨᠡᠭᠡ ᠨᠢ 2015 ᠤᠨ ᠳᠤ ᠮᠣᠩᠭᠣᠯ ᠤᠯᠤᠰ ᠲᠤ ᠲᠤᠮᠢᠯᠠᠨ ᠰᠤᠷᠤᠯᠴᠠᠭᠤᠯᠤᠭᠰᠠᠨ 7 ᠲᠤᠭᠯᠠᠭᠴᠢ ᠪᠠ ᠤᠷᠤᠰ ᠲᠤ ᠲᠤᠮᠢᠯᠠᠨ ᠰᠤᠷᠤᠯᠴᠠᠭᠤᠯᠤᠭᠰᠠᠨ 1 ᠲᠤᠭᠯᠠᠭᠴᠢ ᠵᠢᠴᠢ ᠪᠤᠰᠤᠳ ᠭᠠᠳᠠᠭᠠᠲᠤ ᠳᠤ ᠰᠤᠷᠤᠯᠴᠠᠭᠰᠠᠨ ᠲᠤᠭᠯᠠᠭᠴᠢᠳ ᠢᠶᠡᠷ ᠪᠦᠷᠢᠯᠳᠦᠵᠠᠢ᠃ ᠤᠷᠲᠤ ᠶᠢᠨ ᠳᠠᠭᠤᠤ᠂ ᠦᠨᠳᠦᠰᠦᠲᠡᠨ ᠤ ᠪᠦᠵᠢᠭ᠍ᠲᠤ ᠵᠦᠴᠦᠭᠡ᠂ ᠨᠠᠶᠢᠷᠠᠯ ᠳᠠᠭᠤᠤ᠂ ᠤᠷᠲᠤ ᠯᠢᠮᠪᠦ ᠦᠯᠢᠶᠡᠬᠦ ᠵᠡᠷᠭᠡ ᠠᠷᠪᠠ ᠭᠠᠷᠤᠢ ᠲᠦᠷᠦᠯ ᠤᠨ ᠲᠤᠭᠯᠠᠯᠲᠠ ᠭᠠᠷᠭᠠᠪᠠ᠃

    ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠦᠨᠳᠦᠰᠦᠲᠡᠨ ᠤ ᠤᠷᠠᠯᠢᠬ ᠵᠦᠴᠦᠬᠡ ᠶᠢᠨ ᠬᠦᠷᠢᠶᠡᠯᠡᠩ ᠡᠴᠡ ᠵᠠᠷᠢᠮ ᠴᠢᠳᠠᠪᠤᠷᠢᠲᠠᠨ ᠲᠤᠲᠠᠭᠳᠠᠵᠤ ᠪᠠᠶᠢᠬᠤ ᠤᠷᠠᠯᠢᠭ ᠤᠨ ᠲᠦᠷᠦᠯ ᠬᠡᠯᠪᠡᠷᠢ᠂ ᠤᠨᠴᠠᠭᠠᠶᠢᠯᠠᠨ ᠲᠡᠬᠡᠲᠤ ᠵᠡᠷᠭᠡ ᠶᠢᠨ ᠴᠢᠳᠠᠪᠤᠷᠢᠲᠠᠨ ᠲᠤᠲᠠᠭᠳᠠᠵᠤ ᠤᠷᠠᠯᠢᠭ ᠤᠨ ᠬᠦᠭ᠍ᠵᠢᠯᠲᠠ ᠶᠢ ᠬᠠᠷᠰᠢᠯᠠᠵᠤ ᠪᠠᠶᠢᠭ᠎ᠠ ᠠᠰᠠᠭᠤᠳᠠᠯ ᠳᠤ《ᠭᠠᠳᠠᠭᠠᠲᠤ ᠳᠤ ᠲᠤᠮᠢᠯᠠᠨ ᠰᠤᠷᠤᠯᠴᠠᠭᠤᠯᠬᠤ᠂ ᠡᠯᠰᠡᠨ ᠠᠪᠴᠤ ᠳᠡᠭᠡᠭ᠍ᠰᠢᠯᠡᠭᠦᠯᠬᠦ》 ᠠᠷᠭ᠎ᠠ ᠠᠪᠴᠤ᠂ 3 ᠡᠴᠡ 5 ᠵᠢᠯ ᠤᠨ ᠬᠤᠭᠤᠷᠤᠨᠲᠤ ᠭᠤᠴᠢᠭᠠᠳ ᠲᠤᠰᠬᠠᠢ ᠮᠡᠷᠭᠡᠵᠢᠯ ᠤᠨ ᠨᠢᠷᠤᠭᠤᠪᠴᠢ ᠶᠢ ᠭᠤᠤᠯᠳᠠᠯᠭ᠎ᠠ ᠲᠠᠢ ᠬᠦᠮᠦᠵᠢᠭᠦᠯᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠴᠢᠳᠠᠪᠤᠷᠢᠲᠠᠨ ᠤ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠬᠦ ᠪᠤᠯᠤᠨ ᠪᠡᠶ᠎ᠠ ᠪᠡᠨ ᠳᠠᠭᠠᠭᠠᠵᠤ ᠰᠢᠨ᠎ᠠ ᠶᠢ ᠡᠭᠦᠳᠬᠦ ᠴᠢᠳᠠᠪᠤᠷᠢ ᠶᠢ ᠨᠢ ᠲᠡᠭᠡᠭ᠍ᠰᠢᠯᠡᠭᠦᠯᠤᠨ᠂ ᠦᠪᠦᠷ ᠮᠣᠩᠭᠣᠯ ᠤᠨ ᠦᠨᠳᠦᠰᠦᠲᠡᠨ ᠤ ᠤᠷᠠᠯᠢᠭ ᠤᠨ ᠬᠦᠭ᠍ᠵᠢᠯᠲᠠ ᠶᠢ ᠠᠬᠢᠭᠤᠯᠬᠤ ᠪᠡᠷ ᠪᠤᠢ᠃ (ᠰᠤᠷᠪᠤᠯᠵᠢᠯᠠᠭᠴᠢ ᠴᠠᠢ ᠰᡁᠢ ᠶᠤᠸᠠᠨ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121560296