蒙古文网站Logo
ᠰᠢᠨᠬᠤᠸᠠ ᠮᠤᠩᠭ᠋ᠤᠯ ᠨᠧᠲ

ᠦᠨᠳᠦᠰᠦᠳᠡᠨ ᠤ ᠺᠢᠨᠣ᠋ ᠶᠢ ᠳᠡᠯᠭᠡᠨ ᠦᠵᠡᠭᠦᠯᠬᠦ ᠠᠵᠢᠯᠯᠠᠭ᠎ᠠ ᠡᠬᠢᠯᠡᠪᠡ

2017-08-29 11:44

    8 ᠰᠠᠷ᠎ᠠ ᠶᠢᠨ 28 ᠤ ᠡᠳᠦᠷ᠂ ᠠᠷᠪᠠᠨ ᠲᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ· ᠦᠪᠦᠷ ᠮᠤᠩᠭ᠋ᠤᠯ ᠤᠨ ᠲᠠᠯ᠎ᠠ ᠨᠤᠳᠤᠭ ᠤᠨ ᠰᠤᠶᠤᠯ ᠤᠨ ᠨᠠᠢᠢᠷ ᠤᠨ ᠨᠢᠭᠡᠨ ᠠᠭᠤᠯᠭ᠎ᠠ ᠪᠤᠯᠬᠤ ᠦᠨᠳᠦᠰᠦᠳᠡᠨ ᠤ ᠺᠢᠨᠣ᠋ ᠵᠢ ᠳᠡᠯᠭᠡᠨ ᠦᠵᠡᠭᠦᠯᠬᠦ ᠠᠵᠢᠯᠯᠠᠭ᠎ᠠ ᠵᠢᠨ ᠨᠡᠭᠡᠭᠡᠯᠲᠡ ᠵᠢᠨ ᠶᠤᠰᠤᠯᠠᠯ ᠬᠦᠬᠡᠬᠤᠳᠠ ᠳ᠋ᠦ ᠶᠠᠪᠤᠬᠳᠠᠪᠠ᠃

    ᠡᠨᠡᠬᠦ ᠠᠵᠢᠯᠯᠠᠭ᠎ᠠ ᠵᠢ ᠠᠷᠪᠠᠨ ᠲᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ· ᠦᠪᠦᠷ ᠮᠤᠩᠭ᠋ᠤᠯ ᠤᠨ ᠲᠠᠯ᠎ᠠ ᠨᠤᠳᠤᠭ ᠤᠨ ᠰᠤᠶᠤᠯ ᠤᠨ ᠨᠠᠢᠢᠷ ᠤᠨ ᠵᠤᠬᠢᠶᠠᠨ ᠪᠠᠢᠢᠭᠤᠯᠬᠤ ᠺᠤᠮᠢᠰ ᠡᠴᠡ ᠰᠠᠨᠠᠭᠠᠴᠢᠯᠠᠵᠤ᠂ ᠦᠪᠦᠷ ᠮᠤᠩᠭ᠋ᠤᠯ ᠤᠨ ᠺᠢᠨᠣ᠋ ᠵᠢᠨ ᠪᠦᠯᠦᠭᠯᠡᠯ ᠡᠴᠡ ᠵᠤᠬᠢᠶᠠᠨ ᠪᠠᠶᠢᠭᠤᠯᠪᠠ᠃ ᠲᠠᠯᠬᠡᠨ ᠦᠵᠡᠭᠦᠯᠦᠯᠭᠡ ᠳ᠋ᠦ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠰᠡᠭᠦᠯ ᠤᠨ ᠦᠶ᠎ᠠ ᠶᠢᠨ ᠦᠨᠳᠦᠰᠦᠳᠡᠨ ᠤ ᠰᠡᠳᠦᠪᠳᠦ ᠰᠢᠨ᠎ᠠ ᠰᠢᠯᠢᠳᠡᠭ ᠺᠢᠨᠣ᠋ ᠪᠤᠯᠤᠨ ᠤᠯᠤᠰ ᠤᠨ ᠳᠤᠳᠤᠭᠠᠳᠤ ᠶᠢᠨ ᠬᠡᠰᠡᠭ ᠰᠢᠨ᠎ᠠ ᠺᠢᠨᠣ᠋ ᠵᠡᠷᠬᠡ ᠨᠡᠢᠢᠳᠡ27 ᠪᠦᠲᠦᠭᠡᠯ ᠢ ᠤᠷᠤᠨ ᠳᠠᠶᠠᠭᠠᠷ ᠤᠨ ᠬᠡᠪᠴᠢᠶᠠᠨ ᠳᠤ ᠺᠢᠨᠣ᠋ ᠵᠢᠨ ᠤᠷᠳᠤᠨ᠂ ᠨᠡᠢᠢᠭᠡᠮ ᠲᠤᠭᠤᠷᠢᠭ᠂ ᠠᠭᠤᠳᠠᠮ ᠳᠠᠯᠠᠪᠠᠢ᠂ ᠶᠡᠬᠡ ᠳᠡᠭᠡᠳᠦ ᠰᠤᠷᠭᠠᠭᠤᠯᠢ ᠵᠡᠷᠭᠡ ᠭᠠᠵᠠᠷ ᠲᠤ ᠠᠰᠠᠷᠠᠮᠵᠢ ᠶᠢᠨ ᠴᠢᠨᠠᠷᠳᠠᠢ ᠪᠡᠷ1200 ᠭᠠᠷᠤᠢ ᠳᠠᠯᠠᠪᠠᠢ ᠨᠡᠪᠳᠡᠷᠡᠭᠦᠯᠦᠨ ᠦᠵᠡᠭᠦᠯᠬᠦ ᠪᠤᠯᠤᠨ᠎ᠠ᠃

    ᠳᠤᠰ ᠤᠳᠠᠭᠠᠨ ᠤ ᠳᠡᠯᠭᠡᠨ ᠦᠵᠡᠭᠦᠯᠦᠯᠭᠡ ᠳᠤ ᠦᠪᠦᠷ ᠮᠤᠩᠭ᠋ᠤᠯ ᠤᠨ ᠺᠢᠨᠣ᠋ ᠵᠢᠨ ᠪᠦᠯᠦᠭᠯᠡᠯ ᠤᠨ ᠦᠢᠯᠡᠳᠦᠭᠰᠡᠨ《ᠡᠵᠢ ᠵᠢᠨ ᠬᠦᠷᠦᠭ》᠂《ᠠᠯᠤᠰ ᠲᠡᠬᠢ ᠰᠢᠯᠢ ᠵᠢᠨ ᠭᠤᠤᠯ》᠂《ᠴᠠᠬᠳᠠᠭ᠎ᠠ ᠵᠢᠨ ᠡᠳᠦᠷ ᠤᠨ ᠳᠡᠮᠳᠡᠭᠯᠡᠯ》ᠵᠡᠷᠬᠡ 11 ᠺᠢᠨᠣ᠋ ᠪᠤᠯᠤᠨ ᠬᠦᠳᠡᠭᠡ ᠲᠤᠰᠬᠤᠨ ᠤ ᠲᠤᠭᠠᠴᠢᠯᠠᠬᠰᠠᠨ ᠺᠢᠨᠣ᠋ ᠵᠢᠨ ᠳᠠᠪᠴᠠᠩ ᠡᠴᠡ ᠬᠠᠩᠭ᠋ᠠᠬᠰᠠᠨ《ᠨᠤᠷᠵᠢᠮ᠎ᠠ》(ᠮᠤᠩᠭ᠋ᠤᠯ)᠂《 ᠤᠤᠮᠸᠨ ᠤ ᠴᠠᠭ ᠦᠶ᠎ᠠ 3》ᠵᠡᠷᠬᠡ ᠤᠯᠤᠰ ᠤᠨ ᠲᠤᠳᠤᠭᠠᠳᠤ ᠶᠢᠨ 16 ᠰᠢᠨ᠎ᠠ ᠺᠢᠨᠣ᠋ ᠪᠠᠬᠳᠠᠨ᠎ᠠ᠃ ᠨᠡᠭᠡᠭᠡᠯᠲᠡ ᠵᠢᠨ ᠶᠤᠰᠤᠯᠠᠯ ᠤᠨ ᠳᠠᠷᠠᠭ᠎ᠠ᠂ ᠦᠪᠦᠷ ᠮᠤᠩᠭ᠋ᠤᠯ ᠤᠨ ᠺᠢᠨᠣ᠋ ᠵᠢᠨ ᠪᠦᠯᠦᠭᠯᠡᠯ ᠤᠨ ᠦᠢᠯᠡᠳᠦᠭᠰᠡᠨ ᠰᠢᠨ᠎ᠡ ᠺᠢᠨᠣ᠋《ᠡᠵᠢ ᠵᠢᠨ ᠬᠦᠷᠦᠭ》ᠦᠵᠡᠭᠴᠢᠳ ᠲᠠᠢ ᠪᠠᠨ ᠵᠤᠯᠭᠠᠭᠰᠠᠨ ᠪᠠᠢᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121562264