蒙古文网站Logo
ᠰᠢᠨᠬᠤᠸᠠ ᠮᠤᠩᠭ᠋ᠤᠯ ᠨᠧᠲ

ᠠᠷᠪᠠᠳᠤᠭᠠᠷ ᠬᠤᠭᠤᠴᠠᠭᠠᠨ ᠤ ᠲᠠᠶᠢᠸᠠᠨ ᠬᠤᠭᠤᠯᠠᠢ ᠶᠢᠨ ᠬᠤᠶᠠᠷ ᠡᠷᠭᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠹᠤᠷᠦ᠋ᠮ ᠦᠪᠦᠷ ᠮᠣᠩᠭᠣᠯ ᠤᠨ ᠬᠦᠬᠡᠬᠤᠲᠠ ᠳᠤ ᠶᠠᠪᠤᠭᠳᠠᠪᠠ

2017-08-30 17:03

    ᠰᠢᠨᠬᠤᠸᠠ ᠨᠸᠲ   ᠬᠦᠬᠡᠬᠤᠲᠠ ᠶᠢᠨ 8 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ ( ᠼᠤᠤ ᠵᠸᠠ) 29 ᠤ ᠡᠳᠦᠷ᠂ ᠠᠷᠪᠠᠳᠤᠭᠠᠷ ᠬᠤᠭᠤᠴᠠᠭᠠᠨ ᠤ ᠲᠠᠶᠢᠸᠠᠨ ᠬᠤᠭᠤᠯᠠᠢ ᠶᠢᠨ ᠬᠤᠶᠠᠷ ᠡᠷᠭᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠹᠤᠷᠦ᠋ᠮ ᠦᠪᠦᠷ ᠮᠣᠩᠭᠣᠯ ᠤᠨ ᠬᠦᠬᠡᠬᠤᠲᠠ ᠳᠤ ᠶᠠᠪᠤᠭᠳᠠᠪᠠ᠃ ᠲᠸᠭ᠍ᠨᠤᠯᠤᠭᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠦᠷᠢᠶ᠎ᠠ ᠴᠡᠷᠠᠭᠠᠨ ᠳᠡᠬᠢ 150 ᠭᠠᠷᠤᠢ ᠲᠤᠰᠬᠠᠢ ᠮᠡᠷᠭᠡᠵᠢᠯᠲᠠᠨ᠂ ᠡᠷᠳᠡᠮᠲᠡᠨ ᠤᠷᠤᠯᠴᠠᠵᠤ《 ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠢᠨ᠎ᠠ ᠶᠢ ᠡᠭᠦᠳᠬᠦ ᠪᠤᠯᠤᠨ ᠲᠤᠭᠲᠠᠭᠤᠨ ᠬᠦᠭ᠍ᠵᠢᠯᠲᠠ》 ᠶᠢᠨ ᠲᠤᠭᠤᠷᠢᠨ ᠳᠤ ᠡᠷᠳᠡᠮ ᠰᠢᠨᠵᠢᠯᠡᠭᠡᠨ ᠤ ᠰᠤᠯᠢᠯᠴᠠᠭ᠎ᠠ ᠶᠠᠪᠤᠭᠳᠠᠭᠤᠯᠵᠠᠢ᠃

    29 ᠤ ᠦᠳᠡ ᠡᠴᠡ ᠡᠮᠦᠨ᠎ᠠ ᠪᠤᠯᠤᠭᠰᠠᠨ ᠭᠤᠤᠯ ᠵᠤᠷᠢᠯᠲᠠ ᠶᠢᠨ ᠮᠡᠳᠡᠭᠦᠯᠦᠯᠲᠡ ᠶᠢᠨ ᠬᠤᠷᠠᠯ ᠳᠡᠭᠡᠷ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠤᠬᠢᠶᠠᠯᠴᠢᠳ ᠤᠨ ᠨᠡᠶᠢᠭᠡᠮᠯᠢᠭ᠌ ᠤᠨ ᠳᠡᠳ᠋ ᠬᠡᠷᠡᠭ ᠮᠡᠳᠡᠭᠴᠢᠳ ᠤᠨ ᠳᠠᠷᠤᠭ᠎ᠠ ᠸᠠᠩ ᠺᠠᠩ ᠶᠸᠤ᠂ ᠲᠠᠶᠢᠸᠠᠨ ᠶᠡᠬᠡ ᠰᠤᠷᠭᠠᠭᠤᠯᠢ ᠶᠢᠨ ᠤᠤᠯ ᠤᠨ ᠵᠠᠬᠢᠷᠤᠯ᠂ ᠫᠷᠤᠹᠸᠰᠰᠤᠷ ᠯᠢ ᠰᡁᠢ ᠼᠸᠨ᠂ ᠦᠪᠦᠷ ᠮᠣᠩᠭᠣᠯ ᠤᠨ ᠲᠠᠷᠢᠶᠠᠯᠠᠩ ᠤᠨ ᠶᠡᠬᠡ ᠰᠤᠷᠭᠠᠭᠤᠯᠢ ᠶᠢᠨ ᠫᠷᠤᠹᠸᠰᠰᠤᠷ ᠯᠢ ᠭᠦᠸᠸ ᠵᠢᠩ ᠵᠡᠷᠭᠡ 7 ᠲᠤᠰᠬᠠᠢ ᠮᠡᠷᠭᠡᠵᠢᠯᠲᠠᠨ ᠡᠷᠳᠡᠮᠲᠡᠨ ᠬᠤᠷᠠᠯ ᠳᠤ ᠤᠷᠤᠯᠴᠠᠪᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠹᠤᠷᠦ᠋ᠮ ᠳᠤ ᠨᠡᠶᠢᠲᠡ 154 ᠦᠭᠦᠯᠡᠯ ᠳᠡᠪᠰᠢᠭᠦᠯᠵᠡᠢ᠃ ᠬᠤᠶᠠᠷ ᠡᠷᠭᠢ ᠶᠢᠨ ᠰᠢᠨᠵᠢᠯᠡᠬᠦ ᠤᠬᠠᠭᠠᠨ  ᠲᠦᠭᠡᠮᠡᠯᠵᠢᠭᠦᠯᠬᠦ ᠬᠦᠷᠢᠶ᠎ᠠ ᠴᠠᠷᠠᠭ᠎ᠠ᠂ ᠲᠸᠭ᠍ᠨᠤᠯᠤᠭᠢ ᠶᠢᠨ ᠵᠠᠭᠤᠴᠢᠯᠠᠭᠤᠷ ᠤᠨ ᠬᠦᠷᠢᠶ᠎ᠠ ᠴᠠᠷᠠᠭᠠᠨ ᠳᠡᠬᠢ ᠡᠷᠳᠡᠮᠲᠠᠨ ᠪᠤᠯᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠪᠠᠬᠠᠲᠠᠳ ᠬᠠᠮᠲᠤᠪᠡᠷ ᠬᠠᠮᠢᠶ᠎ᠠ ᠪᠦᠬᠦᠢ ᠠᠰᠠᠭᠤᠳᠠᠯ ᠢ ᠶᠠᠷᠢᠯᠴᠠᠵᠤ᠂ ᠰᠤᠳᠤᠯᠭᠠᠨ ᠤ ᠦᠷ᠎ᠠ ᠪᠦᠲᠦᠭᠡᠯ ᠢᠶᠡᠨ ᠬᠤᠪᠢᠶᠠᠯᠴᠠᠬᠤ ᠪᠤᠯᠤᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121572173