蒙古文网站Logo
ᠰᠢᠨᠬᠤᠸᠠ ᠮᠤᠩᠭ᠋ᠤᠯ ᠨᠧᠲ

ᠪᠠᠷᠢᠮᠳᠠᠳᠤ ᠺᠢᠨᠣ᠋《ᠦᠪᠦᠷ ᠮᠤᠩᠭᠤᠯ ᠤᠨ ᠦᠨᠳᠦᠰᠦᠲᠡᠨ ᠤ ᠺᠢᠨᠣ᠋ ᠶᠢᠨ 70 ᠵᠢᠯ》 ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠪᠤᠯᠪᠠ

2017-09-03 15:15

    9 ᠰᠠᠷ᠎ᠠ ᠶᠢᠨ 2 ᠤᠨ ᠡᠳᠤᠷ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠬᠦᠬᠡᠬᠤᠳᠠ ᠶᠢᠨ ᠵᠠᠰᠠᠭ ᠤᠨ ᠤᠷᠳᠤᠨ᠂ 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠦᠨᠢᠷ ᠴᠡᠴᠡᠭ ᠤᠨ ᠺᠢᠨᠣ᠋ ᠤᠨ ᠨᠠᠶᠢᠷ ᠤᠨ ᠵᠤᠬᠢᠶᠠᠨ ᠪᠠᠶᠢᠭᠤᠯᠬᠤ ᠺᠤᠮᠢᠰ ᠠᠴᠠ ᠰᠠᠨᠠᠭᠠᠴᠢᠯᠠᠵᠤ᠂ ᠦᠪᠦᠷ ᠮᠤᠩᠭᠤᠯ ᠤᠨ ᠺᠢᠨᠤᠴᠢᠳ ᠤᠨ ᠨᠡᠶᠢᠬᠡᠮᠯᠢᠭ ᠠᠴᠠ ᠵᠤᠬᠢᠶᠠᠨ ᠪᠠᠶᠢᠭᠤᠯᠤᠭᠰᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠴᠢᠬᠤᠯᠠ ᠪᠦᠳᠦᠭᠡᠯ ᠪᠤᠯᠬᠤ ᠪᠠᠷᠢᠮᠳᠠᠳᠤ ᠺᠢᠨᠣ᠋《ᠦᠪᠦᠷ ᠮᠤᠩᠭᠤᠯ ᠤᠨ ᠦᠨᠳᠦᠰᠦᠲᠡᠨ ᠤ ᠺᠢᠨᠣ᠋ ᠶᠢᠨ 70 ᠵᠢᠯ》 ᠢ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠪᠤᠯᠪᠠ᠃

    ᠲᠤᠰ ᠺᠢᠨᠣ᠋ ᠶᠢ ᠳᠤᠮᠳᠠᠳᠤ ᠤᠯᠤᠰ ᠤᠨ ᠺᠢᠨᠤᠴᠢᠳ ᠤᠨ ᠨᠡᠶᠢᠬᠡᠮᠯᠢᠭ᠂ ᠬᠦᠬᠡᠬᠤᠳᠠ ᠶᠢᠨ ᠵᠠᠰᠠᠭ ᠤᠨ ᠤᠷᠳᠤᠨ᠂ ᠪᠡᠭᠡᠵᠢᠩ ᠤᠨ ᠮᠠᠶᠢᠯᠠᠰᠤ ᠺᠢᠨᠣ᠋ ᠵᠦᠴᠦᠭᠡ ᠰᠤᠶᠤᠯ ᠤᠨ ᠬᠢᠵᠠᠭᠠᠷᠳᠤ ᠺᠤᠮᠫᠠᠨᠢ ᠠᠴᠠ ᠬᠠᠮᠳᠤᠷᠠᠨ ᠬᠢᠵᠤ᠂ ᠦᠭᠡᠷᠡᠴᠢᠯᠡᠯᠳᠡ ᠨᠡᠭᠡᠭᠡᠯᠳᠡ ᠠᠴᠠ ᠡᠮᠦᠨᠡᠬᠢ 《ᠬᠠᠭᠤᠴᠢᠨ ᠺᠢᠨᠣ᠋》 ᠬᠢᠬᠡᠳ ᠦᠭᠡᠷᠡᠴᠢᠯᠡᠯᠳᠡ ᠨᠡᠬᠡᠬᠡᠯᠳᠡ ᠶᠢᠨ ᠳᠠᠷᠠᠭᠠᠬᠢ ᠤᠯᠠᠨ ᠤᠯᠤᠰ ᠤᠨ ᠲᠤᠮᠤ ᠱᠠᠩᠨᠠᠯ᠂ ᠤᠯᠤᠰ ᠤᠨ ᠵᠡᠷᠬᠡᠯᠡᠯ ᠤᠨ ᠲᠤᠮᠤ ᠱᠠᠩᠨᠠᠯ ᠬᠦᠷᠳᠡᠭᠰᠡᠨ ᠪᠦᠳᠦᠭᠡᠯ ᠤᠳ ᠢᠶᠠᠷ ᠭᠤᠤᠯ ᠠᠭᠤᠯᠭ᠎ᠠ ᠪᠤᠯᠭᠠᠨ《ᠬᠠᠭᠤᠴᠢᠨ ᠺᠢᠨᠣ᠋》 ᠶᠢᠨ ᠬᠤᠪᠤᠷ ᠨᠠᠨᠳᠢᠨ ᠦᠵᠡᠭᠳᠡᠯ ᠬᠢᠬᠡᠳ ᠠᠯᠳᠠᠷᠳᠦ ᠺᠢᠨᠣ᠋ ᠤᠷᠠᠯᠢᠭᠴᠢᠳ ᠤᠨ ᠰᠤᠷᠪᠤᠯᠵᠢᠯᠠᠭ᠎ᠠ ᠪᠠᠷ ᠦᠪᠦᠷ ᠮᠤᠩᠭᠤᠯ ᠤᠨ ᠦᠨᠳᠦᠰᠦᠳᠡᠨ ᠤ ᠺᠢᠨᠣ᠋ ᠶᠢᠨ ᠤᠨᠴᠠᠯᠢᠭ᠂ ᠤᠯᠠ ᠮᠦᠷ ᠬᠢᠬᠡᠳ ᠬᠡᠷᠡᠯ ᠰᠠᠴᠤᠷᠠᠩᠭᠤᠢ ᠤᠯᠠᠮᠵᠢᠯᠠᠯ ᠢ ᠬᠠᠷᠠᠭᠤᠯᠪᠠ᠃

    ᠲᠤᠰ ᠪᠠᠷᠢᠮᠳᠠᠳᠤ ᠺᠢᠨᠣ᠋ ᠨᠢ ᠠᠩᠬ᠎ᠠ ᠤᠳᠠᠭ᠎ᠠ ᠳᠡᠭᠡᠳᠦ ᠰᠢᠨᠵᠢᠯᠡᠬᠦ ᠲᠧᠭᠨᠤᠯᠤᠬᠢ ᠶᠢ ᠠᠰᠢᠬᠯᠠᠨ᠂ ᠦᠪᠦᠷ ᠮᠤᠩᠭᠤᠯ ᠤᠨ 76 ᠺᠢᠨᠣ᠋᠂ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ ᠺᠢᠨᠣ᠋ ᠤᠷᠠᠯᠢᠭᠴᠢᠳ ᠡᠴᠡ 117 ᠬᠦᠮᠦᠨ ᠢ ᠬᠠᠮᠤᠷᠴᠤ᠂ ᠤᠷᠢᠳ ᠬᠤᠵᠢᠳ 56 ᠰᠢᠯᠢᠳᠡᠭ ᠺᠢᠨᠣ᠋ ᠤᠷᠠᠯᠢᠭᠴᠢᠨ ᠢ ᠰᠤᠷᠪᠤᠯᠵᠢᠯᠠᠭᠰᠠᠨ ᠪᠠᠶᠢᠨ᠎ᠠ᠃ ᠰᠤᠳᠤᠯᠤᠨ ᠶᠠᠷᠢᠯᠴᠠᠬᠤ ᠬᠤᠷᠠᠯ ᠳᠤ《ᠦᠪᠦᠷ ᠮᠤᠩᠭᠤᠯ ᠤᠨ ᠦᠨᠳᠦᠰᠦᠲᠡᠨ ᠤ ᠺᠢᠨᠣ᠋ ᠶᠢᠨ 70 ᠵᠢᠯ》 ᠤᠨ ᠶᠡᠷᠦᠩᠬᠡᠢ ᠨᠠᠶᠢᠷᠠᠭᠤᠯᠤᠭᠴᠢ᠂ ᠤᠳᠤᠷᠢᠳᠤᠭᠠᠴᠢ᠂ ᠵᠦᠴᠦᠭᠡ ᠶᠢᠨ ᠵᠤᠬᠢᠶᠠᠯᠴᠢ ᠵᠢᠴᠢ ᠲᠤᠭᠯᠠᠭᠴᠢ᠂ ᠵᠤᠬᠢᠶᠠᠭᠴᠢ᠂ ᠤᠷᠠᠯᠢᠭᠴᠢᠳ ᠤᠷᠤᠯᠴᠠᠵᠤ᠂ ᠲᠤᠰ ᠺᠢᠨᠣ᠋ ᠵᠢᠴᠢ ᠦᠪᠦᠷ ᠮᠤᠩᠭᠤᠯ ᠤᠨ ᠺᠢᠨᠣ᠋ ᠶᠢᠨ 70 ᠵᠢᠯ ᠤᠨ ᠲᠤᠷᠰᠢᠬᠢ ᠬᠦᠭᠵᠢᠯᠳᠡ ᠶᠢᠨ ᠤᠯᠠ ᠮᠦᠷ᠂ ᠢᠷᠡᠭᠡᠳᠦᠢ ᠶᠢᠨ ᠬᠦᠭᠵᠢᠯᠳᠡ ᠶᠢᠨ ᠬᠠᠨᠳᠤᠰᠢ ᠵᠡᠷᠭᠡ ᠳᠠᠯ᠎ᠠ ᠶᠢ ᠬᠦᠨᠵᠡᠭᠡᠢ ᠰᠤᠳᠤᠯᠤᠨ ᠶᠠᠷᠢᠯᠴᠠᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121595226