蒙古文网站Logo
ᠰᠢᠨᠬᠤᠸᠠ ᠮᠤᠩᠭ᠋ᠤᠯ ᠨᠧᠲ

ᠳᠦᠷᠪᠡᠲᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠤᠷᠤᠨ ᠤ ᠨᠠᠶᠢᠷᠠᠯ ᠬᠦᠭ᠍ᠵᠢᠮ ᠤᠨ ᠭᠠᠷᠠᠭ 12 ᠤᠨ ᠡᠳᠦᠷ ᠡᠴᠡ 22 ᠤᠨ ᠡᠳᠦᠷ ᠪᠤᠯᠲᠠᠯ᠎ᠠ ᠬᠦᠬᠡᠬᠤᠲᠠ ᠪᠤᠭᠤᠲᠤ ᠤᠷᠳᠤᠰ ᠲᠤ ᠶᠠᠪᠤᠭᠳᠠᠨ᠎ᠠ

2017-09-07 16:58

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠰᠤᠶᠤᠯ ᠤᠨ ᠶᠠᠮᠤᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠡ ᠰᠠᠨᠠᠭᠠᠴᠢᠯᠠᠭᠰᠠᠨ ᠳᠦᠷᠪᠡᠲᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠤᠷᠤᠨ ᠤ ᠨᠠᠶᠢᠷᠠᠯ ᠬᠦᠭ᠍ᠵᠢᠮ ᠤᠨ ᠭᠠᠷᠠᠭ 12 ᠤᠨ ᠡᠳᠦᠷ ᠡᠴᠡ 22 ᠤᠨ ᠡᠳᠦᠷ ᠪᠤᠯᠲᠠᠯ᠎ᠠ ᠬᠦᠬᠡᠬᠤᠲᠠ ᠪᠤᠭᠤᠲᠤ ᠤᠷᠳᠤᠰ ᠲᠤ ᠶᠠᠪᠤᠭᠳᠠᠨ᠎ᠠ᠃

    ᠲᠠᠨᠢᠯᠴᠠᠭᠤᠯᠤᠭᠰᠠᠨ ᠢᠶᠡᠷ᠂ ᠳᠦᠷᠪᠡᠲᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠤᠷᠤᠨ ᠤ ᠨᠠᠶᠢᠷᠠᠯ ᠬᠦᠭ᠍ᠵᠢᠮ ᠤᠨ ᠭᠠᠷᠠᠭ ᠤᠨ ᠠᠵᠢᠯᠯᠠᠭᠠᠨ ᠤ ᠬᠤᠭᠤᠴᠠᠭᠠᠨ ᠳᠤ ᠪᠠᠷᠠᠭᠤᠨ ᠤᠷᠤᠨ ᠤ ᠨᠠᠶᠢᠷᠠᠯ ᠬᠦᠭ᠍ᠵᠢᠮ ᠤᠨ ᠪᠠᠭ ᠤᠨ ᠦᠵᠡᠭᠦᠯᠦᠯᠭᠡ ᠶᠢᠨ ᠲᠤᠭᠯᠠᠯᠲᠠ᠂ ᠨᠡᠷᠡᠲᠤ ᠬᠦᠮᠦᠰ ᠤᠨ ᠶᠠᠷᠢᠶᠠᠨ ᠤ ᠲᠠᠪᠴᠠᠩ᠂《ᠭᠤᠷᠪᠠᠨ ᠤᠷᠤᠬᠤ》(ᠲᠠᠯᠠᠪᠠᠢ᠂ ᠨᠡᠶᠢᠭᠡᠮ ᠬᠤᠷᠤᠭᠠᠯᠠᠯ᠂ ᠰᠤᠷᠭᠠᠭᠤᠯᠢ ᠶᠢᠨ ᠬᠦᠷᠢᠶᠡᠨ ᠳᠤ ᠤᠷᠤᠬᠤ) ᠲᠤᠭᠯᠠᠯᠲᠠ᠂ ᠪᠠᠷᠠᠭᠤᠨ ᠤᠷᠤᠨ ᠤ ᠨᠠᠶᠢᠷᠠᠯ ᠬᠦᠭ᠍ᠵᠢᠮ ᠤᠨ ᠪᠠᠭ ᠤᠨ ᠠᠬᠠᠯᠠᠭᠴᠢᠳ ᠤᠨ ᠬᠠᠮᠲᠤᠷᠠᠭᠰᠠᠨ ᠬᠤᠷᠠᠯ ᠵᠡᠷᠭᠡ ᠰᠢᠷᠢᠰ ᠠᠵᠢᠯᠯᠠᠭ᠎ᠠ ᠶᠠᠪᠤᠭᠳᠠᠭᠤᠯᠤᠨ᠎ᠠ᠃

    ᠤᠶᠢᠯᠠᠭᠠᠭᠰᠠᠨ ᠢᠶᠡᠷ᠂ ᠳᠤᠮᠳᠠᠳᠤ ᠤᠯᠤᠰ ᠤᠨ ᠪᠠᠷᠠᠭᠤᠨ ᠤᠷᠤᠨ ᠤ ᠨᠠᠶᠢᠷᠠᠯ ᠬᠦᠭ᠍ᠵᠢᠮ ᠤᠨ ᠭᠠᠷᠠᠭ ᠤᠨ ᠠᠵᠢᠯᠯᠠᠭ᠎ᠠ ᠤᠳᠤ ᠨᠢᠭᠡᠨᠲᠡ ᠴᠦ᠋ᠩᠴᠢᠩ᠂ ᠨᠢᠩᠰᠢᠶᠠ᠂ ᠰᠢᠨᠵᠢᠶᠠᠩ ᠵᠡᠷᠭᠡ ᠭᠠᠵᠠᠷ ᠤᠷᠤᠨ ᠳᠤ 3 ᠬᠤᠭᠤᠴᠠᠭ᠎ᠠ ᠪᠡᠨ ᠶᠠᠪᠤᠭᠳᠠᠭᠤᠯᠤᠨ᠂ ᠨᠠᠶᠢᠷᠠᠯ ᠬᠦᠭ᠍ᠵᠢᠮ ᠤᠨ ᠪᠠᠭ ᠤᠨ ᠠᠮᠵᠢᠯᠲᠠ ᠪᠦᠲᠦᠭᠡᠯ ᠢ ᠲᠦᠪᠯᠡᠷᠡᠭᠦᠯᠦᠨ ᠦᠵᠡᠭᠦᠯᠵᠤ᠂ ᠪᠠᠷᠠᠭᠤᠨ ᠤᠷᠤᠨ ᠤ ᠨᠠᠶᠢᠷᠠᠯ ᠬᠦᠭ᠍ᠵᠢᠮ ᠤᠨ ᠤᠷᠠᠯᠢᠭ ᠤᠨ ᠬᠢᠷᠢ ᠲᠦᠪᠰᠢᠨ ᠢ ᠳᠡᠭᠡᠭ᠍ᠰᠢᠯᠡᠭᠦᠯᠤᠨ᠂ ᠬᠦᠮᠦᠰ ᠤᠨ ᠤᠶᠤᠨ ᠤ ᠠᠮᠢᠳᠤᠷᠠᠯ ᠢ ᠪᠠᠶᠠᠯᠢᠭᠵᠢᠭᠤᠯᠵᠤ᠂ ᠮᠠᠨ ᠤ ᠤᠯᠤᠰ ᠤᠨ ᠪᠠᠷᠠᠭᠤᠨ ᠬᠢᠯᠢ ᠬᠢᠵᠠᠭᠠᠷ ᠤᠷᠤᠨ ᠤ ᠰᠤᠶᠤᠯ ᠤᠨ ᠪᠦᠲᠦᠭᠡᠨ ᠪᠠᠶᠢᠭᠤᠯᠤᠯᠲᠠ ᠶᠢ ᠴᠢᠩᠭ᠋ᠠᠳᠬᠠᠨ᠂ ᠨᠡᠶᠢᠭᠡᠮ ᠤᠨ ᠡᠯ᠎ᠠ ᠡᠲᠡᠭᠡᠳ ᠤᠨ ᠬᠢᠨ ᠤ ᠬᠠᠯᠠᠭᠤᠨ ᠬᠦᠷᠢᠶᠡᠯᠡᠯ ᠢ ᠤᠯᠤᠭᠠᠳ ᠪᠤᠢ᠃ ( ᠰᠤᠷᠪᠤᠯᠵᠢᠯᠠᠭᠴᠢ ᠸᠠᠩ ᠵᠦᠩ ᠢᠦᠢ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121624726