蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠩᠬᠳᠤᠭᠠᠷ ᠤᠳᠠᠭᠠᠨ ᠤ ᠤᠯᠤᠰ ᠳᠠᠶᠠᠭᠠᠷ ᠤᠨ ᠰᠢᠯᠵᠢᠮᠡᠯ ᠲᠡᠤᠬᠡ ᠶᠢᠨ ᠳᠤᠷᠠᠰᠬᠠᠯᠲᠤ ᠵᠦᠢᠯᠡᠰ ᠤᠨ ᠶᠡᠷᠦᠩᠬᠡᠢ ᠰᠤᠳᠤᠯᠭᠠᠨ ᠤ ᠦᠷ᠎ᠠ ᠪᠦᠲᠦᠭᠡᠯ ᠤᠨ ᠦᠵᠡᠰᠭᠦᠯᠡᠩ ᠶᠠᠪᠤᠭᠳᠠᠪᠠ

2017-09-07 16:58

    9 ᠰᠠᠷ᠎ᠠ ᠶᠢᠨ 6 ᠤ ᠡᠳᠦᠷ ᠪᠤᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 13 ᠳᠡᠬᠢ ᠲᠠᠯ᠎ᠠ ᠨᠤᠲᠤᠭ ᠤᠨ ᠰᠤᠶᠤᠯ ᠤᠨ ᠦᠪ ᠤᠨ ᠡᠳᠦᠷ ᠪᠤᠯᠤᠨ᠎ᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠩᠬᠠᠳᠤᠭᠠᠷ ᠤᠳᠠᠭᠠᠨ ᠤ ᠤᠯᠤᠰ ᠳᠠᠶᠠᠭᠠᠷ ᠤᠨ ᠰᠢᠯᠵᠢᠮᠡᠯ ᠲᠡᠤᠬᠡ ᠶᠢᠨ ᠳᠤᠷᠠᠰᠬᠠᠯᠲᠤ ᠵᠦᠢᠯᠡᠰ ᠤᠨ ᠶᠡᠷᠦᠩᠬᠡᠢ ᠰᠤᠳᠤᠯᠭᠠᠨ ᠤ ᠦᠷ᠎ᠠ ᠪᠦᠲᠦᠭᠡᠯ ᠢ ᠲᠤᠪᠤᠶᠢᠯᠭᠠᠬᠤ ᠶᠢᠨ ᠲᠤᠯᠠᠲᠠ ᠦᠪᠦᠷ ᠮᠣᠩᠭᠣᠯ ᠤᠨ ᠰᠤᠶᠤᠯ ᠤᠨ ᠲᠢᠩᠭᠢᠮ᠂ ᠦᠪᠦᠷ ᠮᠣᠩᠭᠣᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶ᠎ᠠ ᠡᠴᠡ ᠰᠠᠨᠠᠭᠠᠴᠢᠯᠠᠭᠰᠠᠨ ᠤᠷᠤᠨ ᠳᠠᠶᠠᠭᠠᠷ ᠤᠨ ᠠᠩᠬᠠᠳᠤᠭᠠᠷ ᠤᠳᠠᠭᠠᠨ ᠤ ᠤᠯᠤᠰ ᠳᠠᠶᠠᠭᠠᠷ ᠤᠨ ᠰᠢᠯᠵᠢᠮᠡᠯ ᠲᠡᠤᠬᠡ ᠶᠢᠨ ᠳᠤᠷᠠᠰᠬᠠᠯᠲᠤ ᠵᠦᠢᠯᠡᠰ ᠤᠨ ᠶᠡᠷᠦᠩᠬᠡᠢ ᠰᠤᠳᠤᠯᠭᠠᠨ ᠤ ᠦᠷ᠎ᠠ ᠪᠦᠲᠦᠭᠡᠯ ᠤᠨ ᠦᠵᠡᠰᠭᠦᠯᠡᠩ ᠦᠪᠦᠷ ᠮᠣᠩᠭᠣᠯ ᠤᠨ ᠮᠦᠽᠸᠢ ᠶᠢᠨ ᠲᠠᠯᠠᠪᠠᠢ ᠳᠤ ᠶᠠᠪᠤᠭᠳᠠᠪᠠ᠃

    ᠲᠤᠰ ᠤᠳᠠᠭᠠᠨ ᠤ ᠦᠵᠡᠰᠭᠦᠯᠡᠩ  47 ᠰᠠᠮᠪᠠᠷ᠎ᠠ ᠪᠠᠷ ᠦᠰᠦᠭ ᠵᠢᠷᠤᠭ  ᠤᠨ ᠬᠡᠯᠪᠡᠷᠢ ᠪᠡᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠵᠢᠴᠢ ᠡᠯ᠎ᠠ ᠠᠶᠢᠮᠠᠭ ᠬᠤᠲᠠ ᠶᠢᠨ ᠰᠢᠯᠵᠢᠮᠡᠯ ᠲᠡᠤᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠨ ᠰᠤᠳᠤᠯᠤᠭᠰᠠᠨ ᠠᠮᠵᠢᠯᠲᠠ ᠪᠦᠲᠦᠭᠡᠯ ᠢ ᠲᠦᠪᠯᠡᠷᠡᠭᠦᠯᠦᠨ ᠳᠡᠯᠭᠡᠨ ᠦᠵᠡᠭᠦᠯᠵᠠᠢ᠃ ᠤᠶᠢᠯᠠᠭᠠᠭᠰᠠᠨ ᠢᠶᠡᠷ᠂ ᠰᠢᠯᠵᠢᠮᠡᠯ ᠲᠡᠤᠬᠡ ᠶᠢᠨ ᠳᠤᠷᠠᠰᠬᠠᠯᠲᠤ ᠵᠦᠢᠯᠡᠰ ᠪᠤᠯ ᠳᠤᠮᠳᠠᠳᠤ ᠶᠢᠨ ᠦᠨᠳᠦᠰᠦᠲᠡᠨ ᠤ ᠰᠤᠶᠤᠯ ᠤᠨ ᠪᠤᠳᠠᠰ ᠤᠨ ᠭᠡᠷᠡᠴᠢᠯᠡᠯ ᠮᠦᠨ᠃ 2012 ᠤᠨ ᠤ 10 ᠰᠠᠷ᠎ᠠ ᠡᠴᠡ 2016 ᠤᠨ ᠤ 12 ᠰᠠᠷ᠎ᠠ ᠪᠤᠯᠲᠠᠯ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠠᠢ ᠪᠠᠶᠢᠷᠢᠰᠢᠯᠠᠭᠤᠯᠤᠯᠲᠠ ᠪᠡᠷ ᠦᠪᠦᠷ ᠮᠣᠩᠭᠣᠯ ᠠᠩᠬᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠰᠢᠯᠵᠢᠮᠡᠯ ᠲᠡᠤᠬᠡ ᠶᠢᠨ ᠳᠤᠷᠠᠰᠬᠠᠯᠲᠤ ᠵᠦᠢᠯᠡᠰ ᠤᠨ ᠶᠡᠷᠦᠩᠬᠡᠢ ᠰᠤᠳᠤᠯᠭᠠᠨ ᠤ ᠠᠵᠢᠯᠯᠠᠭ᠎ᠠ ᠦᠷᠨᠢᠭᠦᠯᠵᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠰᠢᠯᠭᠠᠨ ᠪᠠᠶᠢᠴᠠᠭᠠᠯᠲᠠ ᠶᠢ ᠦᠩᠭᠡᠷᠡᠭᠡᠪᠡ᠃ 4 ᠵᠢᠯ ᠭᠠᠷᠤᠢ ᠶᠢᠨ ᠰᠤᠳᠤᠯᠭ᠎ᠠ ᠪᠡᠷ ᠳᠠᠮᠵᠢᠨ᠂ ᠤᠷᠤᠨ ᠳᠠᠶᠠᠭᠠᠷ ᠨᠡᠶᠢᠲᠡ 112 ᠲᠦᠮᠡ ᠭᠠᠷᠤᠢ ᠰᠢᠯᠵᠢᠮᠡᠯ ᠲᠡᠤᠬᠡ ᠶᠢᠨ ᠳᠤᠷᠠᠰᠬᠠᠯᠲᠤ ᠵᠦᠢᠯᠡᠰ ᠢ ᠪᠦᠷᠢᠳᠭᠡᠵᠠᠢ᠂ ᠡᠨᠡ ᠨᠢ ᠪᠠᠶᠢᠴᠠᠭᠠᠨ ᠰᠤᠳᠤᠯᠬᠤ ᠡᠴᠡ ᠡᠮᠦᠨᠡᠬᠢ ᠲᠡᠤᠬᠡ ᠶᠢᠨ ᠳᠤᠷᠠᠰᠬᠠᠯᠲᠤ ᠵᠦᠢᠯᠡᠰ ᠡᠴᠡ ᠳᠠᠬᠢᠨ ᠢᠶᠡᠷ ᠨᠡᠮᠡᠭᠳᠡᠭᠰᠡᠨ ᠪᠠᠶᠢᠨ᠎ᠠ᠃ ( ᠰᠤᠷᠪᠤᠯᠵᠢᠯᠠᠭᠴᠢ ᠰᠦ ᠶᠦᠩ ᠱᠸᠩ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121624735