蒙古文网站Logo
ᠰᠢᠨᠬᠤᠸᠠ ᠮᠤᠩᠭ᠋ᠤᠯ ᠨᠧᠲ

《ᠳᠡᠮᠡᠬᠡ ᠰᠢᠶᠠᠩ ᠽᠢ》 ᠫᠤᠷᠲ᠋ᠦ᠋ᠭᠠᠯ ᠬᠡᠯᠡ ᠪᠡᠷ ᠪᠷᠠᠽᠢᠯ ᠳᠤ ᠬᠡᠪᠯᠡᠭᠳᠡᠪᠡ

2017-09-13 11:46

    ᠰᠢᠨᠬᠤᠧᠠ ᠬᠤᠷᠢᠶ᠎ᠠ   ᠷᠢᠦ᠋ ᠳ᠋ᠢ ᠿᠧᠨ᠋᠋ᠧᠶᠢᠷᠦ᠋ ᠶᠢᠨ 9 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠴᠧᠨ ᠸᠧᠢ ᠬᠤᠧᠠ) ᠳᠤᠮᠳᠠᠳᠤ ᠤᠯᠤᠰ ᠤᠨ ᠨᠡᠷᠡᠳᠦ ᠵᠤᠬᠢᠶᠠᠯᠴᠢ ᠯᠤᠤ ᠱᠧ ᠶᠢᠨ ᠳᠦᠯᠦᠬᠡᠯᠡᠬᠦ ᠪᠦᠳᠦᠬᠡᠯ 《ᠳᠡᠮᠡᠬᠡ ᠰᠢᠶᠠᠩ ᠽᠢ》 ᠫᠤᠷᠲ᠋ᠦ᠋ᠭᠠᠯ ᠬᠡᠯᠡ ᠪᠡᠷ ᠤᠶᠢᠷ᠎ᠠ ᠶᠢᠨ ᠡᠳᠦᠷ ᠪᠷᠠᠽᠢᠯ ᠳᠤ ᠬᠡᠪᠯᠡᠭᠳᠡᠨ ᠳᠠᠷᠬᠠᠭᠠᠭᠳᠠᠪᠠ᠂ ᠡᠶᠢᠨᠬᠦ ᠯᠤᠤ ᠱᠧ ᠶᠢᠨ ᠪᠦᠳᠦᠬᠡᠯ ᠠᠩᠬ᠎ᠠ ᠤᠳᠠᠭ᠎ᠠ ᠤᠷᠴᠢᠭᠤᠯᠤᠭᠳᠠᠨ ᠪᠷᠠᠽᠢᠯ ᠤᠨ ᠤᠩᠰᠢᠭᠴᠢᠳ ᠲᠠᠢ ᠵᠤᠯᠭᠠᠪᠠ᠃

    20 ᠳ᠋ᠤᠭᠠᠷ ᠵᠠᠭᠤᠨ ᠤ ᠬᠤᠷᠢᠭᠠᠳ ᠤᠨ ᠤ ᠦᠶ᠎ᠡ ᠶᠢᠨ ᠨᠢᠬᠡᠨ ᠡᠬᠡᠯ ᠵᠢᠷ ᠤᠨ ᠳᠡᠷᠬᠡᠴᠢᠨ ᠤ ᠡᠮᠬᠡᠨᠢᠯᠳᠤ ᠬᠤᠪᠢ ᠵᠠᠶᠠᠭ᠎ᠠ ᠪᠡᠷ ᠳᠤᠬᠠᠢ ᠶᠢᠨ ᠦᠶ᠎ᠡ ᠶᠢᠨ ᠳᠤᠮᠳᠠᠳᠤ ᠤᠯᠤᠰ ᠤᠨ ᠬᠠᠭᠠᠰ ᠺᠤᠯᠤᠨᠢ᠂ ᠬᠠᠭᠠᠰ ᠹᠧᠤᠳᠠᠯ ᠨᠡᠶᠢᠬᠡᠮ ᠤᠨ ᠪᠠᠶᠢᠳᠠᠯ ᠢ ᠳᠤᠰᠬᠠᠭᠰᠠᠨ ᠡᠨᠡᠬᠦ ᠪᠦᠳᠦᠬᠡᠯ ᠢ ᠠᠨᠴᠢᠯ ᠬᠡᠮᠡᠬᠦ ᠪᠷᠠᠽᠢᠯ ᠪᠦᠰᠡᠬᠦᠢ ᠤᠷᠴᠢᠭᠤᠯᠵᠠᠢ᠃ ᠳᠡᠷᠡᠪᠡᠷ ᠡᠨᠡᠬᠦ ᠪᠦᠳᠦᠬᠡᠯ ᠤᠨ ᠤᠳᠬ᠎ᠠ ᠰᠠᠨᠠᠭ᠎ᠠ ᠶᠢ ᠪᠦᠷᠢᠨ ᠢᠯᠡᠷᠡᠬᠦᠯᠬᠦ ᠶᠢᠨ ᠳᠤᠰᠠᠳᠠ ᠮᠠᠰᠢ ᠤᠯᠠᠨ ᠮᠠᠲ᠋ᠧᠷᠢᠶᠠᠯ ᠤᠷᠪᠠᠭᠤᠯᠤᠭᠰᠠᠨ ᠳᠡᠳᠦᠢ ᠦᠬᠡᠢ ᠪᠡᠬᠡᠵᠢᠩ ᠳ᠋ᠡᠬᠢ ᠯᠤᠤ ᠱᠧ ᠶᠢᠨ ᠳᠤᠷᠠᠰᠬᠠᠯ ᠤᠨ ᠤᠷᠳᠤᠨ ᠪᠠ ᠵᠤᠬᠢᠶᠠᠯ ᠳᠤ ᠳᠤᠷᠠᠳᠤᠭᠳᠠᠭᠰᠠᠨ ᠭᠠᠵᠠᠷ ᠤᠳ ᠲᠤ ᠳᠤᠰᠬᠠᠶᠢᠯᠠᠨ ᠬᠦᠷᠴᠤ ᠤᠩᠭᠤᠳ ᠬᠠᠶᠢᠵᠤ ᠪᠠᠶᠢᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121656172