蒙古文网站Logo
ᠰᠢᠨᠬᠤᠸᠠ ᠮᠤᠩᠭ᠋ᠤᠯ ᠨᠧᠲ

ᠠᠩᠬᠠᠳᠤᠭᠠᠷ ᠬᠤᠭᠤᠴᠠᠭᠠᠨ ᠤ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠮᠤᠨᠭᠭᠤᠯ ᠵᠦᠴᠦᠭᠡ ᠵᠢᠨ ᠨᠠᠢᠢᠷ ᠡᠬᠢᠯᠡᠪᠡ

2017-09-13 16:46

    9 ᠰᠠᠷ᠎ᠠ ᠶᠢᠨ 12 ᠤᠨ ᠡᠳᠦᠷ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲ᠋ᠢᠩᠬᠢᠮ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠤᠳᠬ ᠠ ᠤᠷᠠᠯᠢᠭ ᠤᠨ ᠬᠢᠨ ᠤ ᠬᠤᠯᠪᠤᠭ᠎ᠠ᠂ ᠰᠢᠯᠢ ᠵᠢᠨ ᠭᠤᠤᠯ ᠠᠢᠢᠮᠠᠭ ᠤᠨ ᠨᠠᠮ ᠤᠨ ᠬᠤᠷᠢᠶ᠎ᠠ ᠵᠢᠨ ᠤᠬᠠᠭᠤᠯᠬᠤ ᠬᠡᠯᠳᠡᠰ ᠡᠴᠡ ᠬᠠᠮᠳᠤᠷᠠᠨ ᠰᠠᠨᠠᠭᠠᠴᠢᠯᠠᠭᠰᠠᠨ ᠠᠨᠭᠬᠠᠳᠤᠭᠠᠷ ᠬᠤᠭᠤᠴᠠᠭᠠᠨ ᠤ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠮᠤᠨᠭᠭᠤᠯ ᠵᠦᠴᠦᠭᠡ ᠵᠢᠨ ᠨᠠᠢᠢᠷ ᠰᠢᠯᠢᠩᠬᠤᠳᠠ ᠳ᠋ᠦ ᠡᠬᠢᠯᠡᠵᠠᠢ᠃

    ᠤᠢᠢᠯᠠᠭᠠᠬᠰᠠᠨ ᠵᠢᠡᠷ᠂ ᠠᠨᠭᠬᠠᠳᠤᠭᠠᠷ ᠬᠤᠭᠤᠴᠠᠭᠠᠨ ᠤ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠮᠤᠨᠭᠭᠤᠯ ᠵᠦᠴᠦᠭᠡ ᠵᠢᠨ ᠨᠠᠢᠢᠷ 6 ᠡᠳᠦᠷ ᠶᠠᠪᠤᠬᠳᠠᠬᠤ ᠪᠤᠯᠤᠨ᠎ᠠ᠃ ᠨᠠᠢᠢᠷ ᠤᠨ ᠬᠤᠭᠤᠴᠠᠭᠠᠨ ᠳ᠋ᠦ᠂ ᠮᠤᠩᠭ᠋ᠤᠯ ᠬᠡᠯᠡᠨ ᠤ ᠬᠢᠯᠪᠢᠭᠡᠨ ᠵᠦᠴᠦᠭᠡ ᠬᠤᠱᠤᠩ ᠵᠦᠴᠦᠭᠡ ᠵᠢᠨ ᠲ᠋ᠤᠰᠬᠠᠢ ᠳᠠᠯᠠᠪᠠᠢ ᠲ᠋ᠤᠬᠯᠠᠯᠳᠠ᠂ ᠰᠢᠯᠢᠳᠡᠭ ᠮᠤᠨᠭᠭᠤᠯ ᠵᠦᠴᠦᠭᠡ ᠶᠢᠨ ᠦᠵᠡᠭᠦᠯᠦᠯᠭᠡ ᠵᠡᠷᠭᠡ14ᠳᠠᠯᠠᠪᠠᠢ ᠲ᠋ᠤᠬᠯᠠᠯᠳᠠ ᠪᠤᠢ᠃ ᠮᠤᠩᠭ᠋ᠤᠯ ᠵᠦᠴᠦᠭᠡ ᠵᠢᠨ ᠦᠢᠯᠡᠰ ᠤᠨ ᠦᠷᠨᠢᠯ ᠬᠦᠭ᠍ᠵᠢᠯ ᠢ ᠲᠦᠯᠬᠢᠨ ᠠᠭᠢᠭᠤᠯᠬᠤ ᠶᠢᠨ ᠲᠦᠯᠦᠭᠡ ᠲ᠋ᠤᠰ ᠤᠳᠠᠭᠠᠨ ᠤ ᠮᠤᠨᠭᠭᠤᠯ ᠵᠦᠴᠦᠭᠡ ᠵᠢᠨ ᠨᠠᠢᠢᠷ ᠨᠢ ᠦᠪᠦᠷ ᠮᠣᠩᠭᠣᠯ ᠤᠨ ᠰᠢᠯᠭᠠᠷᠠᠬᠰᠠᠨ ᠮᠤᠨᠭᠭᠤᠯ ᠵᠦᠴᠦᠭᠡ ᠵᠢᠨ 15 ᠲ᠋ᠤᠰᠬᠠᠢ ᠮᠡᠷᠭᠡᠵᠢᠯᠳᠡᠨ᠂ 4 ᠬᠢᠨᠠᠭᠴᠢ ᠶᠢ ᠤᠷᠢᠵᠤ ᠲ᠋ᠤᠰ ᠬᠤᠭᠤᠴᠠᠭᠠᠨ ᠤ ᠮᠤᠨᠭᠭᠤᠯ ᠵᠦᠴᠦᠭᠡ ᠵᠢᠨ ᠨᠠᠢᠢᠷ ᠤᠨ ᠡᠯ᠎ᠠ ᠲ᠋ᠦᠷᠦᠯ ᠤᠨ ᠱᠠᠩᠨᠠᠯ ᠢ ᠰᠢᠯᠭᠠᠷᠠᠭᠤᠯᠬᠤ ᠪᠤᠯᠤᠨ᠎ᠠ᠃

    ᠵᠤᠬᠢᠶᠠᠨ ᠪᠠᠢᠢᠭᠤᠯᠬᠤ ᠺᠤᠮᠢᠰ ᠤᠨ ᠳᠠᠨᠢᠯᠴᠠᠭᠤᠯᠤᠬᠰᠠᠨ ᠵᠢᠡᠷ᠂ ᠲ᠋ᠤᠰ ᠨᠠᠢᠢᠷ ᠤᠨ ᠬᠤᠭᠤᠴᠠᠭᠠᠨ ᠳ᠋ᠦ ᠪᠠᠰᠠ ᠮᠤᠩᠭ᠋ᠤᠯ ᠵᠦᠴᠦᠭᠡ ᠵᠢᠨ ᠵᠤᠬᠢᠶᠠᠨ ᠪᠦᠲᠦᠭᠡᠯᠲᠡ ᠶᠢᠨ ᠰᠤᠳᠤᠯᠤᠨ ᠶᠠᠷᠢᠯᠴᠠᠬᠤ ᠬᠤᠷᠠᠯ ᠪᠤᠯᠤᠨ《ᠨᠢᠭᠡ ᠵᠦᠴᠦᠭᠡ ᠨᠢᠭᠡ ᠦᠨᠡᠯᠡᠯᠳᠡ》ᠲ᠋ᠤᠰᠬᠠᠢ ᠮᠡᠷᠭᠡᠵᠢᠯᠳᠡᠨ ᠤ ᠵᠢᠯᠤᠭᠤᠳᠤᠯᠭ᠎ᠠ ᠵᠢᠨ ᠠᠵᠢᠯᠯᠠᠭ᠎ᠠ ᠵᠡᠷᠭᠡ ᠵᠢ ᠶᠠᠪᠤᠬᠳᠠᠭᠤᠯᠵᠤ᠂ ᠦᠪᠦᠷ ᠮᠣᠩᠭᠣᠯ ᠤᠨ ᠮᠤᠩᠭ᠋ᠤᠯ ᠵᠦᠴᠦᠭᠡ ᠵᠢᠨ ᠨᠠᠶᠢᠢ ᠢ ᠠᠭᠠᠵᠢᠮ ᠵᠢᠡᠷ ᠦᠪᠡᠷᠮᠢᠴᠡ ᠭᠤᠣ᠎ᠠ ᠰᠠᠢᠢᠬᠠᠨ ᠤ ᠬᠦᠭᠡᠭᠡᠴᠡᠯᠳᠦᠯ ᠲ᠋ᠠᠢ ᠪᠷᠸᠨ᠋ᠳ᠋ ᠤᠨ ᠤᠷᠠᠯᠢᠭ ᠤᠨ ᠨᠠᠢᠢᠷ ᠪᠤᠯᠭᠠᠨ ᠴᠤᠬᠴᠠᠯᠠᠵᠤ᠂ ᠤᠷᠤᠨ ᠳᠠᠶᠠᠭᠠᠷ ᠤᠨ ᠮᠤᠩᠭ᠋ᠤᠯ ᠵᠦᠴᠦᠭᠡ ᠵᠢᠨ ᠦᠢᠯᠡᠰ ᠲ᠋ᠦ ᠬᠤᠪᠢ ᠨᠡᠮᠡᠷᠢ ᠪᠡᠨ ᠦᠵᠡᠭᠦᠯᠬᠦ ᠪᠡᠷ ᠵᠤᠷᠢᠭᠰᠠᠨ ᠪᠠᠢᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121658068