蒙古文网站Logo
ᠰᠢᠨᠬᠤᠸᠠ ᠮᠤᠩᠭ᠋ᠤᠯ ᠨᠧᠲ

ᠴᠦᠬᠡᠨ ᠲᠤᠭᠠᠲᠤ ᠦᠨᠳᠦᠰᠦᠲᠡᠨ ᠤ ᠰᠡᠳᠦᠪᠲᠤ ᠺᠢᠨᠤ᠋ ᠶᠢᠨ ᠲᠡᠬᠡᠲᠤ ᠲᠦᠪᠰᠢᠨ ᠤ ᠹᠤᠷᠦ᠋ᠮ ᠬᠦᠬᠡᠬᠤᠲᠠ ᠳᠤ ᠶᠠᠪᠤᠭᠳᠠᠪᠠ

2017-09-15 11:43

    9 ᠰᠠᠷ᠎ᠠ ᠶᠢᠨ 14 ᠤ ᠦᠳᠡ ᠶᠢᠨ ᠬᠤᠶᠢᠨ᠎ᠠ᠂ ᠬᠤᠷᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠯᠳᠠᠨ ᠳᠠᠬᠢᠶ᠎ᠠ ᠴᠡᠴᠡᠭᠡᠰ ᠺᠢᠨᠣ᠋ ᠤᠷᠠᠯᠢᠭ ᠤᠨ ᠨᠠᠶᠢᠷ ᠤᠨ ᠴᠦᠬᠡᠨ ᠳᠤᠭᠠᠳᠤ ᠦᠨᠳᠦᠰᠦᠲᠡᠨ ᠤ ᠺᠢᠨᠣ᠋ ᠶᠢᠨ ᠲᠡᠬᠡᠲᠤ ᠲᠦᠪᠰᠢᠨ ᠤ ᠹᠤᠷᠦ᠋ᠮ ᠵᠢᠴᠢ ᠳᠤᠮᠳᠠᠳᠤ ᠤᠯᠤᠰ ᠤᠨ ᠴᠦᠬᠡᠨ ᠳᠤᠭᠠᠳᠤ ᠦᠨᠳᠦᠰᠦᠲᠡᠨ ᠤ ᠺᠢᠨᠣ᠋ ᠶᠢᠨ ᠢᠨᠵᠧᠨᠧᠷᠢᠩ ᠤᠨ ᠵᠦᠴᠦᠭᠡ ᠶᠢᠨ ᠵᠤᠬᠢᠶᠠᠯ ᠡᠯᠰᠡᠨ ᠱᠠᠩᠨᠠᠬᠤ ᠬᠤᠷᠠᠯ ᠬᠦᠬᠡᠬᠤᠳᠠ ᠳᠤ ᠶᠠᠪᠤᠭᠳᠠᠪᠠ᠃ ᠤᠯᠤᠰ ᠳᠠᠶᠠᠭᠠᠷ ᠤᠨ ᠴᠦᠬᠡᠨ ᠳᠤᠭᠠᠳᠤ ᠦᠨᠳᠦᠰᠦᠲᠡᠨ ᠤ ᠵᠤᠬᠢᠶᠠᠯᠴᠢ᠂ ᠤᠳᠤᠷᠢᠳᠤᠭᠠᠴᠢ᠂ ᠲᠤᠭᠯᠠᠭᠴᠢ ᠶᠢᠨ ᠲᠦᠯᠦᠭᠡᠯᠡᠭᠴᠢᠳ ᠬᠤᠷᠠᠯ ᠳᠤ ᠤᠷᠤᠯᠴᠠᠪᠠ᠃

    ᠬᠤᠷᠠᠯ ᠳᠡᠭᠡᠷ᠎ᠡ᠂ ᠳᠤᠮᠳᠠᠳᠤ ᠤᠯᠤᠰ ᠤᠨ ᠴᠦᠭᠡᠨ ᠳᠤᠭᠠᠳᠤ ᠦᠨᠳᠦᠰᠦᠲᠡᠨ ᠤ ᠺᠢᠨᠣ᠋ ᠶᠢᠨ ᠢᠨᠵᠧᠨᠧᠷᠢᠩ ᠤᠨ ᠵᠦᠴᠦᠭᠡ ᠶᠢᠨ ᠵᠤᠬᠢᠶᠠᠯ ᠡᠯᠰᠡᠬᠦ ᠠᠵᠢᠯᠯᠠᠭ᠎ᠠ ᠳᠤ ᠳ᠋ᠦᠩᠨᠡᠯᠳᠡ ᠬᠢᠵᠤ᠂ ᠵᠤᠬᠢᠶᠠᠯᠴᠢ ᠴᠢᠩ ᠱᠧᠩ᠂ ᠨᠠᠷᠠᠨᠳᠤᠶᠠᠭ᠎ᠠ ᠶᠢᠨ ᠪᠦᠳᠦᠭᠡᠯ 《ᠨᠤᠮᠤ ᠶᠢᠨ ᠬᠤᠷᠤᠭᠤᠪᠴᠢ》(ᠡᠸᠡᠩᠬᠢ ᠦᠨᠳᠦᠰᠦᠲᠡᠨ)᠂ ᠯᠢᠦ ᠰᠢᠶᠤᠤ ᠸᠧᠢ ᠶᠢᠨ 《ᠴᠢᠶᠠᠩ ᠤᠨ ᠴᠠᠶᠢᠵᠠ ᠶᠢᠨ ᠡᠭᠡᠲᠡᠷᠡᠭᠡᠨ》(ᠴᠢᠶᠠᠩ ᠦᠨᠳᠦᠰᠦᠲᠡᠨ)᠂ ᠵᠤᠬᠢᠶᠠᠯᠴᠢ ᠰᠢᠷᠵᠠᠶᠧᠲ ᠤᠨ 《ᠳᠠᠵᠢᠺ ᠦᠨᠳᠦᠷᠯᠢᠭ ᠤᠨ ᠵᠠᠯᠠᠭᠤ ᠮᠤᠷᠢᠳᠠᠨ》 (ᠲᠠᠵᠢᠺ ᠦᠨᠳᠦᠰᠦᠲᠡᠨ) ᠵᠡᠷᠭᠡ ᠪᠦᠳᠦᠭᠡᠯ ᠰᠢᠯᠢᠳᠡᠭ ᠵᠦᠴᠦᠭᠡ ᠶᠢᠨ ᠵᠤᠬᠢᠶᠠᠯ  ᠤᠨ ᠱᠠᠩᠨᠠᠯ ᠢ ᠬᠦᠷᠳᠡᠵᠤ᠂ ᠵᠤᠬᠢᠶᠠᠯᠴᠢ ᠦᠨᠳᠦᠰᠦ ᠶᠢᠨ 《ᠪᠠᠷᠠᠭᠤᠨᠰᠢ ᠨᠡᠭᠦᠭ᠍ᠰᠡᠨ ᠬᠠᠶᠢᠷ᠎ᠠ》(ᠭᠧᠯᠤᠤ ᠦᠨᠳᠦᠰᠦᠲᠡᠨ)᠂ ᠴᠢ ᠰᠢᠦ ᠫᠧᠩ ᠤᠨ 《ᠴᠠᠭᠠᠨ ᠬᠤᠰᠤ ᠶᠢᠨ ᠢᠨᠠᠭ》 (ᠤᠷᠤᠰ ᠦᠨᠳᠦᠰᠦᠲᠡᠨ)᠂ ᠯᠢᠶᠤᠤ ᠪᠧᠨ ᠤ 《ᠬᠠᠳᠤᠨ ᠭᠤᠤᠯ ᠤᠨ ᠳᠡᠨᠵᠢ》(ᠬᠤᠳᠤᠩ ᠦᠨᠳᠦᠰᠦᠲᠡᠨ) ᠵᠡᠷᠭᠡ 10 ᠪᠦᠳᠦᠭᠡᠯ ᠨᠢ ᠪᠦᠳᠦᠭᠡᠯᠴᠢ ᠰᠠᠨᠠᠭ᠎ᠠ ᠠᠬᠤᠢ ᠶᠢᠨ ᠵᠦᠴᠦᠭᠡ ᠶᠢᠨ ᠳᠡᠪᠳᠡᠷ ᠢᠶᠠᠷ ᠰᠢᠯᠭᠠᠷᠠᠭᠤᠯᠤᠭᠳᠠᠭᠰᠠᠨ ᠪᠠᠶᠢᠨ᠎ᠠ᠃

    ᠱᠠᠩᠨᠠᠨ ᠬᠦᠬᠢᠭᠦᠯᠬᠦ ᠶᠤᠰᠤᠯᠠᠯ ᠤᠨ ᠳᠠᠷᠠᠭ᠎ᠠ᠂ ᠬᠤᠷᠠᠯ ᠳᠤ ᠤᠷᠤᠯᠴᠠᠭᠰᠠᠳ 《ᠤᠳᠤ ᠦᠶ᠎ᠡ ᠶᠢᠨ ᠴᠦᠭᠡᠨ ᠳᠤᠭᠠᠳᠤ ᠦᠨᠳᠦᠰᠦᠲᠡᠨ ᠤ ᠺᠢᠨᠣ᠋ ᠶᠢᠨ ᠵᠤᠬᠢᠶᠠᠨ ᠪᠦᠳᠦᠭᠡᠯᠭᠡ - ᠴᠦᠭᠡᠨ ᠲᠤᠭᠠᠳᠤ ᠦᠨᠳᠦᠰᠦᠲᠡᠨ ᠤ ᠺᠢᠨᠣ᠋ ᠶᠢᠨ ᠰᠤᠶᠤᠯ ᠤᠨ ᠢᠳᠡᠭᠡᠯ ᠬᠢᠬᠡᠳ ᠠᠷᠠᠯᠵᠢᠶᠠᠨ ᠤ ᠦᠷᠳᠡᠭ ᠤᠨ ᠪᠦᠳᠦᠴᠡ ᠶᠢ ᠪᠠᠶᠢᠭᠤᠯᠬᠤ ᠨᠢ》 ᠰᠡᠳᠦᠪ ᠤᠨ ᠲᠤᠭᠤᠷᠢᠨ ᠳᠤ ᠰᠤᠳᠤᠯᠤᠨ ᠶᠠᠷᠢᠯᠴᠠᠪᠠ᠃ ᠤᠢᠢᠯᠠᠭᠠᠭᠰᠠᠨ ᠢᠶᠠᠷ᠂ ᠲᠤᠰ ᠬᠤᠭᠤᠴᠠᠭᠠᠨ ᠤ ᠠᠯᠳᠠᠨ ᠳᠠᠬᠢᠶ᠎ᠠ ᠴᠡᠴᠡᠭᠡᠰ ᠺᠢᠨᠣ᠋  ᠤᠷᠠᠯᠢᠭ ᠤᠨ ᠨᠠᠶᠢᠷ ᠤᠨ ᠴᠦᠭᠡᠨ ᠳᠤᠭᠠᠳᠤ ᠦᠨᠳᠦᠰᠦᠲᠡᠨ ᠤ ᠺᠢᠨᠣ᠋ ᠶᠢᠨ ᠦᠵᠡᠭᠦᠯᠦᠯᠭᠡ ᠨᠢ ᠮᠤᠩᠭᠤᠯ ᠦᠨᠳᠦᠰᠦᠲᠡᠨ᠂ ᠲᠦᠪᠡᠳ ᠦᠨᠳᠦᠰᠦᠲᠡᠨ᠂ ᠵᠤᠸᠠᠩ ᠦᠨᠳᠦᠰᠦᠲᠡᠨ᠂ ᠮᠢᠶᠤᠤ ᠦᠨᠳᠦᠰᠦᠲᠡᠨ᠂ ᠯᠢ ᠦᠨᠳᠦᠰᠦᠲᠡᠨ ᠵᠡᠷᠭᠡ ᠤᠯᠠᠨ ᠠᠷᠪᠢᠨ ᠴᠦᠭᠡᠨ ᠳᠤᠭᠠᠳᠤ ᠦᠨᠳᠦᠰᠦᠲᠡᠨ ᠤ 20 ᠭᠠᠷᠤᠢ ᠺᠢᠨᠣ᠋ ᠶᠢ ᠳᠡᠯᠭᠡᠨ ᠦᠵᠡᠭᠦᠯᠬᠦ ᠪᠤᠯᠤᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121669074