蒙古文网站Logo
ᠰᠢᠨᠬᠤᠸᠠ ᠮᠤᠩᠭ᠋ᠤᠯ ᠨᠧᠲ

ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠠᠮᠲᠠᠲᠤ ᠢᠳᠡᠭᠡᠨ ᠤ ᠰᠤᠶᠤᠯ ᠤᠨ ᠨᠠᠶᠢᠷ ᠡᠬᠢᠯᠡᠪᠡ

2017-09-15 16:39

    ᠰᠢᠨᠬᠤᠸᠠ ᠨᠸᠲ   ᠬᠦᠬᠡᠬᠤᠲᠠ ᠶᠢᠨ 9ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ ( ᠯᠢ ᠭᠦᠸᠸ ᠳ᠋ᠦᠩ ᠱᠢ ᠡᠢ) ᠵᠢᠷᠭᠤᠳᠤᠭᠠᠷ ᠬᠤᠭᠤᠴᠠᠭᠠᠨ ᠤ ᠳᠤᠮᠳᠠᠳᠤ ᠤᠷᠤᠰ ᠮᠣᠩᠭᠣᠯ ᠤᠨ ᠠᠮᠳᠠᠲᠤ ᠢᠳᠡᠭᠡᠨ ᠤ ᠰᠤᠶᠤᠯ ᠵᠢᠴᠢ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠠᠮᠲᠠᠲᠤ ᠢᠳᠡᠭᠡᠨ ᠤ ᠰᠤᠶᠤᠯ ᠤᠨ ᠨᠠᠶᠢᠷ ᠦᠨᠦᠳᠦᠷ ᠤᠯᠠᠭᠠᠨᠴᠠᠪ ᠲᠤ ᠨᠡᠭᠡᠭᠡᠯᠲᠡ ᠪᠡᠨ ᠬᠢᠪᠡ᠃

    ᠲᠤᠰ ᠨᠠᠶᠢᠷ ᠨᠢ《 ᠪᠤᠬᠢᠷᠳᠤᠯ  ᠦᠭᠡᠢ ᠠᠮᠲᠠᠲᠤ ᠢᠳᠡᠭᠡᠨ ᠢ ᠠᠮᠰᠠᠵᠤ᠂ ᠵᠤᠰᠠᠯᠠᠩ ᠤᠨ ᠰᠠᠶᠢᠬᠠᠨ ᠡᠩᠬᠡᠵᠢᠨ ᠢ ᠡᠳ᠋ᠯᠠᠬᠦ》 ᠪᠡᠷ ᠭᠤᠤᠯ ᠰᠡᠳᠦᠪ ᠪᠤᠯᠭᠠᠵᠠᠢ᠃ ᠪᠤᠬᠢᠷᠳᠤᠯ ᠦᠭᠡᠢ ᠢᠳᠡᠭᠡᠨ ᠤ ᠶᠠᠭᠠᠷᠠᠮᠠᠭ᠂ ᠮᠣᠩᠭᠣᠯ ᠬᠤᠭᠤᠯᠠ ᠢᠳᠡᠭᠡᠨ ᠤ ᠰᠤᠶᠤᠯ ᠤᠨ ᠲᠡᠭᠡᠲᠤ ᠲᠦᠪᠰᠢᠨ ᠤ ᠹᠤᠷᠦ᠋ᠮ᠂ ᠠᠮᠲᠠᠲᠤ ᠢᠳᠡᠭᠡᠨ ᠤ ᠭᠡᠷᠡᠯ ᠵᠢᠷᠤᠭ ᠤᠨ ᠦᠵᠡᠰᠭᠦᠯᠡᠩ᠂ ᠮᠣᠩᠭᠣᠯ ᠳᠠᠶᠢᠯᠠᠯᠭ᠎ᠠ ᠶᠢᠨ ᠦᠵᠡᠰᠭᠦᠯᠡᠩ᠂ ᠵᠠᠭᠤᠨ ᠬᠦᠮᠦᠨ ᠤ ᠵᠠᠭᠤᠨ ᠨᠤᠭᠤᠭ᠎ᠠ ᠶᠢᠨ ᠤᠷᠤᠯᠳᠤᠭᠠᠨ᠂ ᠤᠯᠠᠭᠠᠨᠴᠠᠪ ᠤᠨ ᠨᠡᠷᠡᠲᠤ ᠨᠤᠭᠤᠭ᠎ᠠ᠂ ᠨᠡᠷᠡᠲᠤ ᠪᠤᠭᠤᠷᠰᠤᠭ᠂ ᠨᠡᠷᠡᠲᠤ ᠢᠳᠡᠭᠡᠨ ᠤ ᠦᠵᠡᠭᠦᠯᠦᠯᠭᠡ᠂ ᠳᠤᠮᠳᠠᠳᠤ ᠭᠠᠳᠠᠭᠠᠲᠤ ᠶᠢᠨ ᠲᠤᠭᠤᠭᠠᠴᠢᠳ ᠤᠨ ᠲᠤᠭᠤᠭᠠᠯᠠᠬᠤ ᠮᠡᠷᠭᠡᠵᠢᠯ ᠤᠨ ᠦᠵᠡᠭᠦᠯᠦᠯᠭᠡ ᠪᠤᠯᠤᠨ ᠲᠦᠮᠡᠨ ᠬᠦᠮᠦᠨ ᠬᠠᠮᠲᠤᠪᠠᠷ ᠴᠠᠬᠠᠷ ᠰᠦ᠋ ᠲᠠᠢ ᠴᠠᠢ ᠤᠤᠭᠤᠬᠤ ᠵᠡᠷᠭᠡ ᠠᠮᠳᠠᠲᠤ ᠢᠳᠡᠭᠡᠨ ᠤ ᠤᠬᠢ ᠰᠤᠲᠤ ᠶᠢ ᠳᠡᠯᠬᠡᠨ ᠦᠵᠡᠭᠦᠯᠬᠦ ᠠᠵᠢᠯᠯᠠᠭ᠎ᠠ ᠶᠠᠪᠤᠭᠳᠠᠨ᠎ᠠ᠃

    ᠲᠤᠰ ᠠᠮᠲᠠᠲᠤ ᠢᠳᠡᠭᠡᠨ ᠤ ᠰᠤᠶᠤᠯ ᠤᠨ ᠨᠠᠶᠢᠷ ᠤᠨ ᠪᠤᠬᠢᠷᠳᠤᠯ ᠦᠭᠡᠢ ᠢᠳᠡᠭᠡᠨ ᠤ ᠶᠠᠭᠠᠷᠠᠮᠠᠭ ᠲᠤ ᠤᠯᠠᠭᠠᠨᠴᠠᠪ ᠬᠤᠲᠠ ᠶᠢᠨ  11 ᠬᠤᠰᠢᠭᠤ ᠰᠢᠶᠠᠨ ᠲᠤᠭᠤᠷᠢᠭ ᠵᠢᠴᠢ ᠤᠯᠤᠰ ᠳᠠᠶᠠᠭᠠᠷ ᠤᠨ ᠡᠯ᠎ᠠ ᠪᠦᠰᠡ ᠨᠤᠲᠤᠭ ᠡᠴᠡ ᠬᠦᠷᠦᠯᠴᠡᠨ ᠢᠷᠡᠭᠰᠡᠨ ᠠᠵᠤ ᠠᠬᠤᠶᠢᠯᠠᠯ ᠤᠳ ᠤᠨ 21 ᠦᠵᠡᠰᠭᠦᠯᠡᠩ ᠤᠨ ᠤᠷᠳᠤᠨ ᠢ ᠲᠤᠬᠢᠷᠠᠭᠤᠯᠪᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121670681