蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠤᠷᠠᠯᠢᠭ ᠤᠨ ᠲᠡᠭᠡᠲᠦ ᠰᠤᠷᠭᠠᠭᠤᠯᠢ 60 ᠵᠢᠯ ᠤᠨ ᠤᠢ ᠪᠠᠨ ᠪᠡᠯᠭᠡᠯᠡᠪᠡ

2017-09-20 12:58

    9 ᠰᠠᠷ᠎ᠠ ᠶᠢᠨ 19 ᠤ ᠡᠳᠦᠷ ᠤᠨ ᠦᠳᠡ ᠡᠴᠡ ᠡᠮᠦᠨ᠎ᠠ᠂ ᠦᠪᠦᠷ ᠮᠤᠩᠭ᠋ᠤᠯ ᠤᠨ ᠤᠷᠠᠯᠢᠭ ᠤᠨ ᠲᠡᠭᠡᠲᠦ ᠰᠤᠷᠭᠠᠭᠤᠯᠢ ᠶᠢᠨ ᠰᠤᠷᠭᠠᠭᠤᠯᠢ ᠪᠠᠢᠢᠭᠤᠯᠤᠭᠲᠠᠭᠰᠠᠠ 60 ᠵᠢᠯ ᠤᠨ ᠤᠢ ᠪᠠᠠ ᠪᠡᠯᠭᠡᠯᠡᠬᠦ ᠶᠡᠬᠡ ᠬᠤᠷᠠᠯ ᠦᠪᠦᠷ ᠮᠣᠩᠭᠣᠯ ᠤᠨ ᠤᠷᠠᠯᠢᠭ ᠤᠨ ᠲᠡᠭᠡᠲᠦ ᠰᠤᠷᠭᠠᠭᠤᠯᠢ ᠶᠢᠨ ᠲᠤᠭᠯᠠᠯᠲᠠ ᠶᠢᠨ ᠲᠢᠩᠭᠢᠮ ᠳ᠋ᠤ ᠦᠪᠡᠲᠡᠭᠰᠢ ᠶᠡᠭᠡᠪᠠᠷ ᠶᠠᠪᠤᠭᠲᠠᠵᠦ᠂ ᠨᠡᠢᠢᠭᠡᠮ ᠤᠨ ᠡᠯ᠎ᠠ ᠡᠲᠡᠭᠡᠳ ᠡᠴᠡ ᠢᠷᠡᠭᠰᠡᠡ ᠨᠡᠷᠡᠲᠦ ᠬᠦᠮᠦᠰ᠂ ᠦᠪᠦᠷ ᠮᠤᠩᠭ᠋ᠤᠯ ᠤᠨ ᠤᠷᠠᠯᠢᠭ ᠤᠨ ᠲᠡᠭᠡᠲᠦ ᠰᠤᠷᠭᠠᠭᠤᠯᠢ ᠡᠴᠡ ᠲᠡᠭᠦᠰᠦᠭᠰᠡᠳ᠂ ᠪᠠᠭᠰᠢ ᠰᠤᠷᠤᠭᠴᠢ ᠶᠢᠨ ᠲᠦᠯᠦᠭᠡᠯᠡᠭᠴᠢ 3000 ᠭᠠᠷᠤᠢ ᠬᠦᠮᠦᠨ ᠪᠡᠯᠭᠡᠯᠡᠬᠦ ᠶᠡᠬᠡ ᠬᠤᠷᠠᠯ ᠳ᠋ᠤ ᠤᠷᠤᠯᠴᠠᠪᠡ᠃

    ᠳᠤᠰ ᠤᠷᠤᠢ ᠂ ᠦᠪᠦᠷ ᠮᠤᠩᠭ᠋ᠤᠯ ᠤᠨ ᠤᠷᠠᠯᠢᠬ ᠵᠥᠴᠥᠬᠡ ᠵᠢᠨ ᠬᠥᠷᠢᠶᠡᠯᠡᠩ ᠳᠤ ᠠᠩᠬᠠᠳᠠᠬᠴᠢ ᠳᠤᠬᠯᠠᠯᠳᠠ ᠪᠡᠨ ᠭᠠᠷᠭᠠᠬᠰᠠᠨ ᠦᠨᠳᠦᠰᠦᠳᠡᠨ ᠤ ᠳᠠᠭᠤᠯᠠᠯᠳᠤ ᠵᠦᠴᠦᠬᠡ《ᠳᠠᠯ᠎ᠠ ᠨᠤᠳᠤᠬ ᠤᠨ ᠪᠢᠴᠢᠬᠠᠨ ᠪᠠᠭᠠᠳᠤᠷ ᠡᠬᠡᠴᠢ ᠦᠬᠢᠨ ᠳᠡᠬᠦᠦ 》ᠪᠤᠯ ᠤᠯᠤᠰ ᠤᠨ ᠤᠷᠠᠯᠢᠬ ᠤᠨ ᠰᠠᠭᠤᠷᠢ ᠮᠦᠩᠬᠦᠨ ᠤ 2016 ᠤᠨ ᠤ ᠲᠠᠢᠢᠰᠠᠠ ᠤ ᠤᠷᠠᠯᠢᠬ ᠤᠨ ᠵᠤᠬᠢᠶᠠᠨ ᠪᠥᠲᠥᠬᠡᠯᠬᠡ ᠵᠢᠨ ᠳᠤᠰᠠᠯᠠᠮᠵᠢ ᠵᠢ ᠤᠯᠤᠬᠰᠠᠨ ᠳᠦᠷᠦᠯ ᠵᠦᠢᠯ ᠪᠤᠯᠬᠤ ᠮᠦᠷᠳᠡᠬᠡᠨ ᠦᠪᠦᠷ ᠮᠤᠩᠭ᠋ᠤᠯ ᠤᠨ ᠤᠷᠠᠯᠢᠬ ᠤᠨ ᠳᠡᠬᠡᠳᠦ ᠰᠤᠷᠭᠠᠭᠤᠯᠢ ᠪᠠᠢᠢᠭᠤᠯᠤᠬᠳᠠᠬᠰᠠᠨ 60 ᠵᠢᠯ ᠤᠨ ᠤᠢ ᠳ᠋ᠤ ᠪᠡᠯᠡᠭᠯᠡᠭᠰᠡᠨ ᠵᠦᠴᠦᠬᠡ ᠪᠤᠯᠤᠨ᠎ᠠ᠃ ᠵᠦᠴᠦᠬᠡ ᠨᠢ ᠯᠦᠩ ᠮᠸᠢ᠂ ᠢᠤᠢ ᠷᠦᠩ ᠤᠨ ᠠᠮᠢ ᠨᠠᠰᠤᠨ ᠤ ᠠᠶᠤᠯ ᠳᠦᠭᠰᠢᠬᠦᠷᠢ ᠵᠢ ᠦᠯᠦ ᠬᠠᠢᠢᠬᠤᠷᠤᠨ ᠬᠠᠮᠳᠤ ᠵᠢᠨ ᠡᠳ᠋ ᠬᠦᠷᠦᠩᠬᠡ ᠶᠢ ᠬᠠᠮᠠᠭᠠᠯᠠᠬᠰᠠᠨ ᠪᠠᠭᠠᠳᠤᠷᠯᠢᠭ ᠦᠯᠢᠭᠡᠷ ᠢᠶᠡᠷ ᠭᠤᠤᠯ ᠰᠡᠳᠦᠪ ᠢᠶᠡᠨ ᠪᠤᠯᠭᠠᠵᠦ᠂ ᠬᠤᠶᠠᠷ ᠵᠢᠯ ᠤᠨ ᠪᠡᠯᠡᠳᠬᠡᠯ ᠲᠤᠭᠯᠠᠯᠳᠠ ᠪᠡᠷ ᠲᠠᠮᠵᠢᠨ ᠮᠣᠩᠭᠣᠯ ᠦᠨᠳᠦᠰᠦᠳᠡᠨ ᠤ ᠪᠦᠵᠢᠭ᠌ ᠤᠨ ᠤᠷᠠᠯᠢᠬ᠂ ᠦᠨᠳᠦᠰᠦᠳᠡᠨ ᠤ ᠳᠠᠭᠤᠤ ᠬᠦᠭ᠍ᠵᠢᠮ ᠤᠨ ᠤᠷᠠᠯᠢᠬ ᠵᠢᠴᠢ ᠮᠤᠩᠭ᠋ᠤᠯ ᠦᠨᠳᠦᠰᠦᠳᠡᠨ ᠤ ᠬᠤᠪᠴᠠᠰᠤ ᠵᠠᠰᠠᠯ᠂ ᠰᠤᠶᠤᠯ ᠤᠨ ᠡᠯᠸᠮᠸᠨ᠋ᠲ ᠵᠡᠷᠬᠡ ᠵᠢ ᠳᠠᠭᠤᠯᠠᠯᠳᠤ ᠵᠦᠴᠦᠬᠡ ᠵᠢᠨ ᠵᠤᠬᠢᠶᠠᠨ ᠪᠦᠳᠦᠬᠡᠯᠬᠡ ᠳ᠋ᠤ ᠠᠭᠤᠰᠬᠠᠨ ᠤᠷᠤᠭᠤᠯᠵᠦ᠂ ᠤᠯᠤᠰ ᠵᠢᠡᠨ ᠬᠠᠢᠢᠷᠠᠯᠠᠬᠤ ᠦᠵᠡᠯ᠂ ᠨᠡᠢᠢᠳᠡᠴᠢ ᠦᠵᠡᠯ ᠤᠨ ᠵᠤᠷᠢᠬ ᠰᠠᠨᠠᠭᠠ ᠵᠢ ᠮᠠᠬᠳᠠᠨ ᠳᠠᠭᠤᠯᠠᠵᠦ᠂ ᠨᠡᠢᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠵᠢ ᠰᠤᠷᠳᠠᠯᠴᠢᠯᠠᠬᠰᠠᠨ ᠪᠠᠢᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121694651