蒙古文网站Logo
ᠰᠢᠨᠬᠤᠸᠠ ᠮᠤᠩᠭ᠋ᠤᠯ ᠨᠧᠲ

ᠤᠯᠠᠨ ᠤᠯᠤᠰ ᠤᠨ ᠮᠣᠩᠭᠣᠯ ᠡᠮ ᠡᠮᠨᠡᠯᠭᠡ ᠶᠢᠨ ᠦᠵᠡᠰᠭᠦᠯᠡᠩ ᠳᠡᠯᠭᠡᠭ᠍ᠳᠡᠪᠡ

2017-09-30 17:16

    ᠲᠤᠮᠲᠠᠲᠤ ᠮᠤᠩᠭ᠋ᠤᠯ ᠤᠨ ᠬᠤᠶᠠᠲᠤᠭᠠᠷ ᠬᠤᠭᠤᠴᠠᠭᠠᠨ ᠤ ᠦᠵᠡᠰᠬᠦᠯᠡᠩ ᠤᠨ ᠴᠢᠬᠤᠯᠠ ᠠᠵᠢᠯᠯᠠᠭ᠎ᠠ ᠪᠤᠯᠬᠤ ᠤᠯᠠᠨ ᠤᠯᠤᠰ ᠤᠨ ᠮᠣᠩᠭᠣᠯ ᠡᠮ ᠡᠮᠨᠡᠯᠭᠡ ᠶᠢᠨ ᠦᠵᠡᠰᠭᠦᠯᠡᠩ 28 ᠤ ᠡᠳᠦᠷ ᠳᠡᠯᠭᠡᠭ᠍ᠳᠡᠪᠡ ᠃

    ᠤᠶᠢᠯᠠᠭᠠᠭᠰᠠᠨ ᠢᠶᠡᠷ᠂ ᠤᠯᠠᠨ ᠤᠯᠤᠰ ᠤᠨ ᠮᠣᠩᠭᠣᠯ ᠡᠮ ᠡᠮᠨᠡᠯᠭᠡ ᠶᠢᠨ ᠦᠵᠡᠰᠭᠦᠯᠡᠩ 6 ᠦᠵᠡᠰᠭᠦᠯᠡᠩ ᠤᠨ ᠬᠡᠰᠡᠭ ᠬᠤᠪᠢᠶᠠᠵᠤ᠂ ᠮᠣᠩᠭᠣᠯ ᠡᠮ ᠡᠮᠨᠡᠯᠭᠡ ᠶᠢᠨ ᠲᠠᠨᠢᠯᠴᠠᠭᠤᠯᠭ᠎ᠠ ᠵᠢᠴᠢ ᠦᠰᠦᠭ ᠪᠢᠴᠢᠭ᠌᠂ ᠵᠢᠷᠤᠭ ᠲᠦᠷᠰᠤ᠂ ᠰᠤᠷᠪᠤᠯᠵᠢ ᠪᠢᠴᠢᠭ᠌᠂ ᠪᠤᠳᠠᠳᠤ ᠮᠠᠲ᠋ᠸᠷᠢᠶᠠᠯ᠂ ᠸᠢᠳ᠋ᠢᠤ᠋ ᠪᠢᠴᠢᠯᠭᠡ ᠵᠡᠷᠭᠡ ᠲᠠᠯ᠎ᠠ᠎ ᠶᠢᠨ ᠠᠷᠭ᠎ᠠ ᠪᠠᠷᠢᠯ  ᠶᠢᠡᠷ ᠮᠣᠩᠭᠣᠯ ᠡᠮ ᠡᠮᠨᠡᠯᠭᠡ ᠶᠢᠨ ᠬᠦᠭ᠍ᠵᠢᠯᠲᠠ ᠨᠢ ᠬᠦᠮᠦᠰ ᠤᠨ ᠡᠷᠡᠭᠦᠯ ᠮᠡᠨᠲᠤ ᠳᠤ ᠬᠦᠨᠲᠤ ᠴᠢᠬᠤᠯᠠ ᠨᠦᠯᠦᠭᠡ ᠲᠤᠰᠬᠠᠯ ᠪᠤᠯᠤᠭᠰᠠᠨ ᠢ ᠬᠠᠷᠠᠭᠤᠯᠵᠠᠢ᠃

    ᠲᠤᠰ ᠤᠳᠠᠭᠠᠨ ᠤ ᠮᠣᠩᠭᠣᠯ ᠡᠮ ᠡᠮᠨᠡᠯᠭᠡ ᠶᠢᠨ ᠦᠵᠡᠰᠭᠦᠯᠡᠩ ᠳᠤ 2000 ᠭᠠᠷᠤᠢ ᠵᠢᠷᠤᠭ ᠲᠦᠷᠰᠤ᠂ ᠮᠣᠩᠭᠣᠯ ᠡᠮ᠂ ᠡᠮ ᠡᠮᠨᠡᠯᠭᠡ ᠶᠢᠨ ᠬᠡᠷᠡᠭᠰᠡᠯ᠂ ᠤᠯᠠᠮᠵᠢᠯᠠᠯᠲᠤ ᠡᠮᠴᠢᠯᠡᠬᠦ ᠠᠷᠭ᠎ᠠ᠂ ᠡᠮ ᠤᠨ ᠬᠠᠳᠠᠭᠠᠮᠠᠯ ᠵᠡᠷᠭᠡ ᠮᠢᠩᠭ᠋ᠠᠭᠠᠳ ᠵᠦᠢᠯᠡᠰ ᠢ ᠳᠡᠯᠭᠡᠨ ᠦᠵᠡᠭᠦᠯᠬᠦ ᠶᠢᠨ ᠬᠠᠮᠲᠤ ᠤᠳᠤᠬᠢᠴᠢᠯᠠᠭᠰᠠᠨ ᠠᠷᠭ᠎ᠠ ᠪᠠᠷᠢᠯ ᠢᠶᠡᠷ ᠮᠣᠩᠭᠣᠯ ᠡᠮ ᠡᠮᠨᠡᠯᠭᠡ ᠶᠢᠨ ᠬᠠᠮᠢᠶ᠎ᠠ ᠪᠦᠬᠦᠢ ᠤᠬᠠᠭᠤᠯᠭ᠎ᠠ ᠶᠢᠨ ᠹᠢᠯᠢᠮ ᠢ ᠲᠠᠪᠲᠠᠨ ᠨᠡᠪᠲᠡᠷᠡᠭᠦᠯᠪᠡ᠃ ᠲᠤᠰ ᠤᠳᠠᠭᠠᠨ ᠤ ᠮᠣᠩᠭᠣᠯ ᠡᠮ ᠡᠮᠨᠡᠯᠭᠡ ᠶᠢᠨ ᠦᠵᠡᠰᠬᠦᠯᠡᠩ ᠳᠤ ᠲᠤᠰᠬᠠᠶᠢᠯᠠᠨ ᠮᠣᠩᠭᠣᠯ ᠡᠮ ᠡᠮᠨᠡᠯᠭᠡ ᠶᠢᠨ ᠤᠯᠠᠮᠵᠢᠯᠠᠯᠲᠤ ᠡᠮᠴᠢᠯᠡᠭᠡᠨ ᠤ ᠮᠡᠷᠭᠡᠵᠢᠯ ᠢ ᠪᠡᠶᠡᠴᠢᠯᠡᠨ ᠮᠡᠳᠡᠷᠡᠬᠦ ᠭᠠᠵᠠᠷ ᠲᠤᠬᠢᠷᠠᠭᠤᠯᠵᠤ ᠬᠦᠮᠦᠰ ᠲᠤ ᠮᠣᠩᠭᠣᠯ ᠡᠮ ᠡᠮᠨᠡᠯᠭᠡ ᠶᠢᠨ ᠷᠢᠳᠢ ᠰᠢᠳᠢ ᠶᠢ ᠮᠡᠳᠡᠷᠡᠭᠦᠯᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121753657