蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠰᠢᠯᠤᠭᠤᠨ ᠬᠦᠬᠡ᠄ ᠳᠤᠮᠳᠠᠳᠤ ᠤᠯᠤᠰ ᠤᠨ ᠴᠠᠭᠠᠨ ᠢᠳᠡᠭᠡᠨ ᠤ ᠦᠯᠦᠭᠡᠢ

2017-09-30 17:16

    ᠰᠢᠨᠬᠤᠸᠠ ᠮᠣᠩᠭᠣᠯ ᠨᠸᠲ   ᠬᠦᠬᠡᠬᠤᠲᠠ ᠶᠢᠨ 9 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ (ᠬᠡᠤᠬᠡᠨᠰᠤᠯᠢ) ᠦᠪᠦᠷ ᠮᠣᠩᠭᠣᠯ ᠤᠨ ᠰᠢᠯᠤᠭᠤᠨ ᠬᠦᠬᠡ ᠬᠤᠰᠢᠭᠤ ᠨᠢ ᠶᠤᠸᠠᠨ ᠴᠢᠩ ᠬᠦᠷᠦᠨ ᠤ ᠦᠶ᠎ᠠ ᠳᠤ ᠬᠠᠭᠠᠨ ᠤ ᠤᠷᠳᠤᠨ ᠤ ᠴᠠᠭᠠᠨ ᠢᠳᠡᠭᠡ ᠶᠢ ᠬᠠᠩᠭ᠋ᠠᠬᠤ ᠰᠠᠭᠤᠷᠢᠨ ᠪᠠᠶᠢᠵᠠᠢ᠃ ᠰᠢᠯᠤᠭᠤᠨ ᠬᠦᠬᠡ ᠬᠤᠰᠢᠭᠤᠨ ᠤ ᠴᠠᠭᠠᠨ ᠢᠳᠡᠭᠡ ᠪᠤᠯ ᠡᠷᠲᠡ ᠲᠡᠭᠡᠲᠤ ᠦᠶ᠎ᠠ ᠶᠢᠨ ᠴᠠᠭᠠᠨ ᠢᠳᠡᠭᠡᠨ ᠤ ᠰᠤᠶᠤᠯ ᠤᠨ ᠭᠤᠤᠯ ᠪᠦᠷᠢᠯᠲᠦᠬᠦᠨ ᠬᠡᠰᠡᠭ ᠮᠦᠨ᠂ ᠪᠠᠰᠠᠴᠤ ᠤᠳᠤ ᠶᠢᠨ ᠴᠠᠬᠠᠷ ᠴᠠᠭᠠᠨ ᠢᠳᠡᠭᠡᠨ ᠤ ᠰᠤᠶᠤᠯ ᠤᠨ ᠬᠤᠷᠢᠶᠠᠩᠭ᠋ᠤᠢ ᠲᠦᠷᠰᠤ ᠪᠤᠯᠬᠤ ᠶᠤᠮ᠃ ᠤᠳᠤᠬᠠᠨ ᠳᠤ ᠲᠤᠬᠠᠢ ᠶᠢᠨ ᠦᠶ᠎ᠠ ᠶᠢᠨ ᠬᠠᠭᠠᠨ ᠤ ᠤᠷᠳᠤᠨ ᠤ  ᠴᠠᠭᠠᠨ ᠢᠳᠡᠭᠡ ᠶᠢ ᠬᠢᠵᠤ ᠪᠠᠶᠢᠭᠰᠠᠨ ᠴᠠᠬᠠᠷ ᠮᠣᠩᠭ᠋ᠣᠯᠴᠤᠳ ᠤᠨ ᠬᠤᠶᠢᠴᠢᠰ ᠮᠦᠨ ᠬᠠᠭᠠᠨ ᠤ ᠤᠷᠳᠤᠨ ᠤ ᠴᠠᠭᠠᠨ ᠢᠳᠡᠭᠡ ᠬᠢᠬᠦ ᠮᠡᠷᠭᠡᠵᠢᠯ ᠬᠢᠭᠡᠳ ᠴᠠᠭᠠᠨ ᠢᠳᠡᠭᠡᠨ ᠤ ᠰᠤᠶᠤᠯ ᠢ ᠤᠯᠠᠮᠵᠢᠯᠠᠨ ᠵᠠᠯᠭᠠᠮᠵᠢᠯᠠᠭᠰᠠᠭᠠᠷ ᠁ ᠰᠤᠶᠤᠯ ᠢᠶᠡᠷ ᠠᠴᠢᠶᠠᠯᠠᠭᠴᠢ ᠪᠤᠯᠭᠠᠨ ᠬᠦᠮᠦᠰ ᠤᠨ ᠰᠢᠨ᠎ᠠ ᠶᠢ ᠡᠭᠦᠳᠬᠦ ᠢᠳᠡᠪᠬᠢᠵᠢᠯ ᠢ ᠳᠠᠶᠢᠴᠢᠯᠠᠵᠤ᠂ ᠴᠠᠭᠠᠨ ᠢᠳᠡᠭᠡ ᠪᠤᠯᠪᠠᠰᠤᠷᠠᠭᠤᠯᠬᠤ ᠶᠠᠪᠤᠴᠠ ᠶᠢ ᠪᠠᠷᠢᠮᠵᠢᠶᠠᠵᠢᠭᠤᠯᠵᠤ᠂ ᠴᠠᠭᠠᠨ ᠢᠳᠡᠭᠡᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠰᠤᠶᠤᠯ ᠢᠶᠡᠷ ᠦᠢᠯᠡᠳᠪᠦᠷᠢᠯᠡᠯ᠂ ᠬᠠᠮᠢᠶᠠᠷᠤᠯᠲᠠ᠂ ᠦᠷ᠎ᠠ ᠠᠰᠢᠭ ᠪᠤᠯᠤᠨ ᠬᠦᠭ᠍ᠵᠢᠯᠲᠠ ᠶᠢ ᠨᠦᠯᠦᠭᠡᠯᠡᠭᠰᠡᠨ ᠴᠠᠭᠠᠨ ᠢᠳᠡᠭᠡᠨ ᠤ ᠰᠤᠶᠤᠯ ᠤᠨ ᠨᠠᠶᠢᠷ ᠤᠨ ᠠᠵᠢᠯᠯᠠᠭ᠎᠎ᠠ ᠦᠨᠦ ᠵᠢᠯ ᠠᠷᠪᠠᠳᠠᠬᠢ ᠬᠤᠭᠤᠴᠠᠭᠠᠨ ᠤ ᠨᠢᠭᠤᠷ ᠢ ᠦᠵᠡᠵᠤ ᠪᠠᠶᠢᠨ᠎ᠠ᠃

    ᠰᠡᠭᠦᠯ ᠤᠨ ᠵᠢᠯ ᠤᠳ ᠲᠤ᠂ ᠰᠢᠯᠤᠭᠤᠨ ᠬᠦᠬᠡ ᠬᠤᠰᠢᠭᠤᠨ ᠤ ᠴᠠᠭᠠᠨ ᠢᠳᠡᠭᠡᠨ ᠤ ᠠᠵᠤ ᠦᠢᠯᠡᠰ ᠢ ᠰᠠᠶᠢᠲᠤᠷ ᠬᠢᠬᠦ ᠶᠢᠨ ᠳᠤᠯᠠᠲᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠡᠴᠡ ᠰᠢᠯᠤᠭᠤᠨ ᠬᠦᠬᠡ ᠬᠤᠰᠢᠭᠤᠨ ᠤ ᠴᠠᠬᠠᠷ ᠴᠠᠭᠠᠨ ᠢᠳᠡᠭᠡᠨ ᠤ ᠨᠡᠶᠢᠭᠡᠮᠯᠢᠭ᠌ ᠪᠤᠯᠤᠨ ᠶᠤᠸᠠᠨ ᠤ ᠲᠡᠭᠡᠲᠤ ᠨᠡᠶᠢᠰᠯᠡᠯ ᠦᠨᠳᠦᠰᠦᠲᠡᠨ ᠤ ᠰᠤᠶᠤᠯ ᠤᠨ ᠤᠨᠴᠠᠯᠢᠭᠲᠤ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠪᠠᠶᠢᠭᠤᠯᠵᠠᠢ᠃ ᠡᠭᠦᠨ ᠡᠴᠡ ᠭᠠᠳᠠᠨ᠎ᠠ᠂ ᠰᠢᠯᠤᠭᠤᠨ ᠬᠦᠬᠡ ᠬᠤᠰᠢᠭᠤ ᠦᠨᠳᠦᠰᠦᠲᠡᠨ ᠤ ᠰᠤᠶᠤᠯ ᠤᠨ ᠳᠠᠪᠠᠭᠤᠯᠢᠭ ᠲᠤ ᠪᠠᠨ ᠰᠠᠭᠤᠷᠢᠯᠠᠨ᠂ ᠴᠠᠭᠠᠨ ᠢᠳᠡᠭᠡᠨ ᠤ ᠠᠵᠤ ᠦᠢᠯᠡᠰ ᠢ ᠴᠢᠷᠮᠠᠶᠢᠨ ᠬᠦᠭ᠍ᠵᠢᠭᠦᠯᠦᠭᠰᠡᠨ ᠢᠶᠡᠷ ᠰᠢᠯᠤᠭᠤᠨ ᠬᠦᠬᠡ ᠬᠤᠰᠢᠭᠤᠨ ᠤ ᠴᠠᠭᠠᠨ ᠢᠳᠡᠭᠡᠨ ᠤ ᠵᠠᠬ᠎ᠠ ᠵᠡᠭᠡᠯᠢ ᠨᠡᠯᠢᠶᠡᠳ ᠬᠡᠪᠴᠢᠶᠡᠵᠢᠭᠰᠡᠨ ᠪᠠᠶᠢᠳᠠᠯ ᠲᠠᠢ ᠪᠤᠯᠪᠠ᠃ ᠤᠳᠤᠬᠠᠨ ᠳᠤ᠂ ᠰᠢ ᠪᠸᠢ᠂ ᠴᠠᠩ ᠬᠤᠩ᠂ ᠲᠡᠭᠷᠢ ᠲᠠᠯ᠎ᠠ᠂ ᠰᠠᠭᠠᠯᠢᠴᠢᠨ᠂ ᠬᠠᠩᠬᠠᠯ᠂ ᠮᠸᠩ ᠶᠤᠸᠠᠨ ᠳ᠋ᠦ᠋᠂ ᠯᠢ ᠮᠢᠨ ᠵᠡᠷᠭᠡ ᠴᠠᠭᠠᠨ ᠢᠳᠡᠭᠡ ᠪᠤᠯᠪᠠᠰᠤᠷᠠᠭᠤᠯᠬᠤ ᠠᠵᠤ ᠠᠬᠤᠶᠢᠯᠠᠯ᠂ 34 ᠴᠠᠭᠠᠨ ᠢᠳᠡᠭᠡ ᠪᠤᠷᠤᠯᠠᠭᠤᠯᠬᠤ ᠴᠡᠭ ᠬᠢᠭᠡᠳ 130 ᠭᠠᠷᠤᠢ ᠪᠠᠭ᠎ᠠ ᠬᠡᠯᠪᠡᠷᠢ ᠶᠢᠨ ᠴᠠᠭᠠᠨ ᠢᠳᠡᠭᠡ ᠪᠤᠯᠪᠠᠰᠤᠷᠠᠭᠤᠯᠬᠤ ᠭᠠᠵᠠᠷ ᠲᠠᠢ ᠪᠤᠯᠵᠤ᠂ 1500 ᠭᠠᠷᠤᠢ ᠬᠦᠮᠦᠨ ᠡᠨᠡᠬᠦ ᠡᠩᠨᠡᠭᠡᠨ ᠳᠤ ᠠᠵᠢᠯᠯᠠᠵᠤ ᠪᠤᠢ᠃ ᠤᠶᠢᠯᠠᠭᠠᠭᠰᠠᠨ ᠢᠶᠡᠷ᠂ ᠬᠤᠰᠢᠭᠤ ᠳᠠᠶᠠᠭᠠᠷ ᠤᠨ ᠴᠠᠭᠠᠨ ᠢᠳᠡᠭᠡ ᠪᠡᠨ 20 ᠭᠠᠷᠤᠢ ᠬᠤᠲᠠ᠂ 60 ᠭᠠᠷᠤᠢ ᠲᠤᠮᠤ ᠬᠡᠯᠪᠡᠷᠢ ᠶᠢᠨ ᠬᠡᠲᠤ ᠳᠡᠯᠭᠡᠭᠦᠷ ᠪᠤᠯᠤᠨ ᠮᠣᠩᠭᠣᠯ ᠤᠯᠤᠰ᠂ ᠶᠠᠫᠤᠨ ᠤᠯᠤᠰ ᠵᠢᠴᠢ ᠵᠡᠭᠦᠨ ᠡᠸᠦ᠋ᠷᠦᠫᠠ ᠶᠢᠨ ᠵᠠᠷᠢᠮ ᠤᠯᠤᠰ ᠤᠳ ᠲᠤ ᠪᠤᠷᠤᠯᠠᠭᠤᠯᠵᠤ᠂ ᠵᠢᠯ ᠤᠨ ᠠᠷᠠᠯᠵᠢᠶᠠᠨ ᠤ ᠦᠷᠲᠡᠭ 4000 ᠲᠦᠮᠡᠡ ᠲᠥᠭᠦᠷᠢᠭ᠌ ᠢ ᠳᠠᠪᠠᠵᠤ ᠪᠤᠢ᠃

    ᠴᠠᠭᠠᠨ ᠢᠳᠡᠭᠡᠨ ᠤ ᠰᠤᠶᠤᠯ ᠵᠠᠩ ᠦᠢᠯᠡ ᠪᠡᠨ ᠦᠪᠯᠡᠨ ᠤᠯᠠᠮᠵᠢᠯᠠᠵᠤ ᠶᠠᠪᠤᠭ᠎ᠠ ᠰᠠᠭᠠᠯᠢᠴᠢᠨ ᠠᠶᠢᠷᠠᠭᠴᠢᠨ ᠲᠦᠮᠡᠨ ᠤ ᠢᠳᠡᠪᠬᠢᠲᠠᠢ ᠤᠷᠤᠯᠴᠠᠯᠭ᠎ᠠ ᠪᠠ ᠬᠤᠰᠢᠭᠤᠨ ᠤ ᠨᠠᠮ ᠵᠠᠰᠠᠭ ᠤᠨ ᠬᠦᠴᠦᠲᠠᠢ ᠳᠡᠮᠵᠢᠯᠭᠡ ᠤᠨ ᠦᠷ᠎ᠠ ᠨᠦᠯᠦᠭᠡᠨ ᠳᠤ᠂ 2011 ᠤᠨ ᠤ 6 ᠰᠠᠷ᠎ᠠ ᠳᠤ ᠳᠤᠮᠳᠠᠳᠤ ᠤᠯᠤᠰ ᠤᠨ ᠠᠷᠠᠳ ᠤᠨ ᠤᠳᠬ᠎᠎ᠠ ᠤᠷᠠᠯᠢᠭ ᠤᠨ ᠬᠢᠨ ᠤ ᠨᠡᠶᠢᠭᠡᠮᠯᠢᠭ᠌ ᠡᠴᠡ ᠰᠢᠯᠤᠭᠤᠨ ᠬᠦᠬᠡ ᠬᠤᠰᠢᠭᠤ ᠶᠢ《ᠳᠤᠮᠳᠠᠳᠤ ᠤᠯᠤᠰ ᠤᠨ ᠴᠠᠭᠠᠨ ᠢᠳᠡᠭᠡᠨ ᠤ ᠦᠯᠦᠭᠡᠢ》 ᠪᠤᠯᠤᠨ《ᠳᠤᠮᠳᠠᠳᠤ ᠤᠯᠤᠰ ᠤᠨ ᠴᠠᠭᠠᠨ ᠢᠳᠡᠭᠡᠨ ᠤ ᠰᠤᠶᠤᠯ  ᠤᠯᠠᠮᠵᠢᠯᠠᠬᠤ ᠰᠠᠭᠤᠷᠢᠨ》 ᠬᠡᠮᠡᠨ ᠨᠡᠷᠡᠶᠢᠳᠴᠤ᠂ 2013 ᠤᠨ ᠤ 12 ᠰᠠᠷ᠎ᠠ ᠳᠤ᠂ ᠰᠢᠯᠤᠭᠤᠨ ᠬᠦᠬᠡ ᠬᠤᠰᠢᠭᠤᠨ ᠤ ᠬᠤᠷᠤᠳ ᠪᠤᠯᠤᠨ ᠦᠷᠦᠮ᠎ᠠ ᠨᠢ ᠤᠯᠤᠰ ᠤᠨ ᠭᠠᠵᠠᠷ ᠵᠦᠢ ᠶᠢᠨ ᠲᠡᠮᠳᠡᠭᠲᠤ ᠪᠦᠲᠦᠭᠡᠭ᠍ᠲᠡᠬᠦᠨ ᠤ ᠬᠠᠮᠠᠭᠠᠯᠠᠯᠲᠠ ᠶᠢ ᠤᠯᠵᠤ᠂ 2014 ᠤᠨ ᠤ 8 ᠰᠠᠷ᠎᠎ᠠ ᠳᠤ ᠰᠢᠯᠤᠭᠤᠨ ᠬᠦᠬᠡ ᠬᠤᠰᠢᠭᠤᠨ ᠤ ᠴᠠᠭᠠᠨ ᠢᠳᠡᠭᠡ ᠬᠢᠬᠦ ᠮᠡᠷᠭᠡᠵᠢᠯ ᠤᠯᠤᠰ ᠤᠨ ᠪᠡᠶᠡᠲᠤ ᠪᠤᠰᠤ ᠰᠤᠶᠤᠯ ᠤᠨ ᠦᠪ ᠤᠨ ᠵᠢᠬᠰᠠᠭᠠᠯᠲᠠ ᠳᠤ ᠤᠷᠤᠭᠰᠠᠨ ᠢᠶᠡᠷ ᠰᠢᠯᠤᠭᠤᠨ ᠬᠦᠬᠡ ᠬᠤᠰᠢᠭᠤ ᠴᠠᠭᠠᠨ ᠢᠳᠡᠭᠡ ᠶᠢ ᠬᠠᠮᠠᠭᠠᠯᠠᠬᠤ ᠳᠤᠮᠳᠠ ᠵᠠᠯᠭᠠᠮᠵᠢᠯᠠᠵᠤ᠂ ᠵᠠᠯᠭᠠᠮᠵᠢᠯᠠᠬᠤ ᠳᠤᠮᠲᠠ ᠬᠦᠭ᠍ᠵᠢᠭᠦᠯᠵᠤ ᠪᠠᠶᠢᠨ᠎ᠠ᠃

    ᠮᠣᠩᠭᠣᠯ ᠦᠨᠳᠦᠰᠦᠲᠡᠨ ᠤ ᠰᠤᠶᠤᠯ ᠵᠠᠩ ᠦᠢᠯᠡ ᠶᠢᠨ ᠨᠢᠭᠡᠨ ᠪᠤᠯᠬᠤ ᠴᠠᠭᠠᠨ ᠢᠳᠡᠬᠡᠨ ᠤ ᠰᠤᠶᠤᠯ ᠤᠨ ᠤᠨᠴᠠᠯᠢᠭ ᠨᠢ ᠵᠦᠪᠬᠡᠨ ᠬᠢᠬᠦ ᠠᠷᠭ᠎ᠠ ᠶᠢᠨ ᠳᠦᠷᠢᠮᠵᠢᠯ ᠲᠡᠳᠦᠢ ᠪᠢᠰᠢ᠂ ᠬᠠᠷᠢᠨ ᠲᠡᠤᠬᠡ ᠶᠢᠨ ᠤᠷᠳᠤ ᠤᠳᠠᠭᠠᠨ ᠬᠤᠭᠤᠴᠠᠭᠠᠨ ᠤ ᠰᠢᠯᠭᠠᠯᠲᠠ ᠶᠢ ᠳᠠᠭᠠᠭᠠᠬᠰᠠᠨ ᠬᠦᠮᠦᠨ ᠲᠦᠷᠦᠯᠬᠢᠲᠡᠡ ᠤ ᠤᠬᠢ ᠪᠦᠲᠦᠭᠡᠯ ᠪᠤᠯᠬᠤ ᠶᠤᠮ᠃

ᠢᠷᠡᠯᠳᠡ᠄ ᠰᠢᠨᠬᠤᠸᠠ ᠮᠣᠩᠭᠣᠯ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121753663