蒙古文网站Logo
ᠰᠢᠨᠬᠤᠸᠠ ᠮᠤᠩᠭ᠋ᠤᠯ ᠨᠧᠲ

ᠡᠷᠢᠨ ᠤᠯᠠᠭ᠎ᠠ ᠦᠷᠲᠡᠭᠡᠨ ᠤ ᠪᠠᠭᠤᠷᠢ ᠡᠴᠡ 600ᠭᠠᠷᠤᠢ ᠲᠡᠤᠬᠡ ᠶᠢᠨ ᠳᠤᠷᠠᠰᠬᠠᠯᠲᠤ ᠵᠦᠢᠯᠡᠰ ᠢ ᠢᠯᠡᠷᠡᠭᠦᠯᠪᠠ

2017-10-09 16:59

    10 ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠲᠡᠤᠬᠡ ᠶᠢᠨ ᠳᠤᠷᠠᠰᠬᠠᠯᠲᠤ ᠵᠦᠢᠯᠡᠰ  ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠡᠴᠡ ᠤᠶᠢᠯᠠᠭᠠᠭᠰᠠᠨ ᠢᠶᠡᠷ᠂ ᠲᠦᠮᠡᠨ ᠭᠠᠵᠠᠷ ᠤᠨ ᠴᠠᠢ ᠶᠢᠨ ᠵᠠᠮ ᠳᠡᠯᠡᠬᠡᠢ ᠶᠢᠨ ᠰᠤᠶᠤᠯ ᠤᠨ ᠦᠪ ᠢᠶᠡᠷ ᠪᠦᠷᠢᠳᠭᠡᠭᠦᠯᠬᠦ ᠠᠵᠢᠯ ᠳᠤ ᠬᠠᠮᠵᠢᠯᠴᠠᠵᠤ᠂ ᠦᠨᠦ ᠵᠢᠯ ᠤᠨ 6 ᠰᠠᠷ᠎ᠠ ᠡᠴᠡ 9 ᠰᠠᠷ᠎ᠠ ᠪᠤᠯᠲᠠᠯ᠎ᠠ ᠦᠪᠦᠷ ᠮᠣᠩᠭᠣᠯ ᠤᠨ ᠮᠦᠽᠸᠢ᠂ ᠦᠪᠦᠷ ᠮᠣᠩᠭᠣᠯ ᠤᠨ ᠲᠡᠤᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠪᠤᠯᠤᠨ ᠡᠷᠢᠶᠡᠨ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠢᠶᠠᠷᠬᠤ ᠭᠠᠵᠠᠷ ᠡᠴᠡ ᠬᠠᠮᠲᠤᠷᠠᠨ ᠠᠷᠭᠢᠯᠦᠭᠢᠴᠢ ᠶᠢᠨ ᠪᠠᠭ ᠵᠤᠬᠢᠶᠠᠨ ᠪᠠᠶᠢᠭᠤᠯᠵᠤ ᠡᠷᠢᠨ ᠤᠯᠠᠭ᠎ᠠ ᠦᠷᠲᠡᠭᠡᠨ ᠳᠤ ᠬᠠᠶᠢᠨ ᠰᠢᠨᠵᠢᠯᠡᠭᠡ ᠬᠢᠪᠡ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠢᠯᠡᠷᠡᠭᠦᠯᠦᠯᠲᠠ ᠶᠢᠨ ᠲᠠᠯᠠᠪᠠᠢ ᠨᠢ 6700 ᠺᠦᠸᠠᠳ᠋ ᠮᠸᠲ᠋ᠷ᠂ 3 ᠬᠡᠰᠡᠭ ᠬᠦᠷᠢᠶ᠎ᠠ ᠬᠠᠰᠢᠶ᠎ᠠ  37 ᠭᠡᠷ ᠪᠠᠶᠢᠰᠢᠩ ᠤᠨ ᠪᠠᠭᠤᠷᠢ᠂8 ᠦᠨᠡᠰᠦᠨ ᠤ ᠨᠦᠬᠡ᠂1ᠦᠨᠡᠰᠦᠨ ᠤᠪᠤᠭ᠎ᠠ᠂70 ᠪᠠᠭᠠᠨ᠎ᠠ ᠶᠢᠨ ᠨᠦᠬᠡ ᠶᠢ ᠴᠡᠪᠡᠷᠯᠡᠨ ᠴᠡᠭᠴᠡᠯᠡᠵᠤ᠂600 ᠲᠡᠤᠬᠡ ᠶᠢᠨ ᠳᠤᠷᠠᠰᠬᠠᠯᠲᠤ ᠵᠦᠢᠯᠡᠰ ᠢ ᠢᠯᠡᠷᠡᠭᠦᠯᠵᠠᠢ᠃ ᠡᠭᠦᠨ ᠳᠤ ᠸᠠᠭᠠᠷᠤᠨ ᠡᠳ᠋ᠯᠡᠯ᠂ ᠱᠠᠭᠠᠵᠠᠩ ᠰᠠᠪᠠ᠂ ᠮᠤᠲᠤᠨ ᠡᠳ᠋ᠯᠡᠯ᠂ ᠬᠦᠷᠡᠯ ᠡᠳ᠋ᠯᠡᠯ᠂ ᠵᠤᠭᠤᠰ ᠮᠦᠩᠭᠦ᠂ ᠴᠠᠭᠠᠰᠤᠨ ᠬᠡᠪᠯᠡᠯ ᠤᠨ ᠲᠡᠤᠬᠡ ᠶᠢᠨ ᠳᠤᠷᠠᠰᠬᠠᠯᠲᠤ ᠵᠦᠢᠯᠡᠰ ᠵᠡᠷᠭᠡ ᠪᠤᠢ᠃ ᠲᠤᠰ ᠤᠳᠠᠭᠠᠨ ᠤ ᠢᠯᠡᠷᠡᠭᠦᠯᠦᠯᠲᠡ ᠪᠡᠷ ᠳᠠᠮᠵᠢᠨ ᠡᠷᠢᠨ ᠤᠯᠠᠭ᠎ᠠ ᠦᠷᠲᠡᠭᠡᠨ ᠤ ᠪᠦᠬᠦᠶᠢᠯᠡ ᠬᠠᠪᠲᠠᠭᠠᠢ ᠶᠢᠨ ᠪᠦᠲᠦᠴᠡ ᠳᠤ ᠪᠦᠷᠢᠨ ᠤᠶᠢᠯᠠᠭᠠᠯᠲᠠ ᠲᠠᠢ ᠪᠤᠯᠵᠤ ᠡᠷᠢᠨ ᠤᠯᠠᠭ᠎ᠠ ᠦᠷᠲᠡᠭᠡᠨ ᠤ ᠪᠠᠭᠤᠷᠢ ᠶᠢ ᠬᠠᠮᠠᠭᠠᠯᠠᠬᠤ ᠳᠠᠷᠠᠭᠠᠴᠢ ᠶᠢᠨ ᠠᠯᠬᠤᠮ ᠳᠤ ᠴᠢᠬᠤᠯᠠ ᠮᠠᠲ᠋ᠸᠷᠢᠶᠠᠯ ᠬᠠᠩᠭ᠋ᠠᠬᠤ ᠶᠢᠨ ᠬᠠᠮᠲᠤ ᠡᠷᠢᠨ ᠤᠯᠠᠭ᠎ᠠ ᠦᠷᠲᠡᠭᠡ ᠨᠢ ᠲᠦᠮᠡᠨ ᠭᠠᠵᠠᠷ ᠤᠨ ᠴᠠᠢ ᠶᠢᠨ ᠵᠠᠮ ᠳ᠋ᠡᠬᠢ ᠮᠠᠰᠢ ᠴᠢᠬᠤᠯᠠ ᠪᠠᠭᠤᠷᠢ ᠪᠤᠯᠬᠤ ᠶᠢ ᠬᠠᠷᠠᠭᠤᠯᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121775700