蒙古文网站Logo
ᠰᠢᠨᠬᠤᠸᠠ ᠮᠤᠩᠭ᠋ᠤᠯ ᠨᠧᠲ

《 ᠲᠤᠭᠤᠷᠢᠭ ᠤᠨ ᠴᠠᠭᠳᠠᠭ᠎ᠠ ᠪᠤᠶᠠᠨ 》ᠺᠢᠨᠣ᠋ ᠵᠢ ᠵᠢᠷᠤᠭᠯᠠᠵᠤ ᠡᠬᠢᠯᠡᠪᠡ

2017-10-10 11:12

    ᠰᠡᠭᠦᠯ ᠤᠨ ᠦᠶ᠎ᠠ ᠳᠤ᠂ ᠤᠯᠤᠰ ᠳᠠᠶᠠᠭᠠᠷ ᠤᠨ ᠰᠢᠯᠢᠳᠡᠭ ᠠᠷᠠᠳ ᠤᠨ ᠴᠠᠭᠳᠠᠭ᠎ᠠ ᠪᠤᠶᠠᠨᠳᠡᠯᠭᠡᠷ ᠢᠶᠡᠷ ᠤᠤᠯ ᠲᠦᠷᠢ ᠪᠤᠯᠭᠠᠵᠦ᠂ 3 ᠵᠢᠯ ᠤᠷᠴᠢᠮ ᠪᠡᠯᠡᠳᠭᠡᠯ ᠬᠢᠭ᠍ᠰᠡᠨ ᠺᠢᠨᠣ᠋《ᠲᠤᠭᠤᠷᠢᠭ ᠤᠨ ᠴᠠᠭᠳᠠᠭ᠎ᠠ ᠪᠤᠶᠠᠨ》 ᠢ᠋ ᠤᠷᠠᠳ ᠤᠨ ᠬᠤᠢᠢᠲᠤ ᠬᠤᠰᠢᠭᠤᠨ ᠳᠤ ᠵᠢᠷᠤᠭᠯᠠᠵᠤ ᠡᠬᠢᠯᠡᠵᠡᠢ᠃

    ᠲᠤᠰ ᠺᠢᠨᠣ᠋ ᠤᠷᠠᠳ ᠤᠨ ᠬᠤᠢᠢᠲᠤ ᠬᠤᠰᠢᠭᠤᠨ ᠤ ᠴᠤᠭ᠋ᠠᠤᠢᠨᠳᠦᠷ ᠪᠠᠯᠭᠠᠰᠤ ᠶᠢᠨ ᠲᠤᠳᠤᠭᠠᠳᠤ ᠵᠢ ᠬᠠᠮᠠᠭᠠᠯᠠᠬᠤ ᠲᠤᠮᠢᠯᠠᠭᠰᠠᠨ ᠰᠠᠯᠪᠤᠷᠢ ᠶᠢᠨ ᠲᠡᠳ᠋ ᠰᠠᠯᠪᠤᠷᠢ ᠶᠢᠨ ᠲᠠᠷᠤᠭ᠎ᠠ ᠪᠤᠶᠠᠨᠳᠡᠯᠭᠡᠷ ᠢᠶᠡᠷ ᠤᠤᠯ ᠲᠦᠷᠢ ᠪᠤᠯᠭᠠᠵᠤ᠂ ᠰᠠᠬᠢᠨ ᠳᠡᠮᠨᠡᠯᠴᠡᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠂ ᠤᠯᠠᠨ ᠲᠦᠮᠡᠨ ᠳᠤ ᠦᠢᠯᠡᠴᠢᠯᠡᠵᠦ ᠶᠠᠪᠤᠭ᠎ᠠ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠶᠢᠨ ᠳᠦᠷᠢ ᠳᠦᠷᠬᠦ ᠵᠢ ᠱᠤᠭᠤᠭᠰᠠᠨ ᠪᠠᠢᠢᠨ᠎ᠠ᠃

    ᠤᠤᠯ ᠲᠦᠷᠢ ᠪᠤᠯᠬᠤ ᠪᠤᠶᠠᠨᠳᠡᠯᠭᠡᠷ ᠭᠤᠪᠢ ᠨᠤᠳᠤᠭ ᠲᠤ 20 ᠵᠢᠯ ᠠᠵᠢᠯᠯᠠᠵᠤ᠂ 1672 ᠲᠡᠭᠰᠢ ᠲᠦᠷᠪᠡᠯᠵᠢᠨ ᠺᠢᠯᠤᠮᠧᠲ᠋ᠷ ᠤᠨ ᠬᠠᠮᠢᠶᠠᠷᠤᠯᠲᠠ ᠶᠢᠨ ᠲᠤᠭᠤᠷᠢᠭ ᠢ ᠬᠠᠮᠢᠶᠠᠷᠴᠤ᠂ ᠠᠷᠠᠳ ᠲᠦᠮᠡᠨ ᠢ ᠡᠯᠢᠭᠡᠨ ᠰᠠᠳᠤᠨ ᠵᠢᠡᠨ ᠠᠳᠠᠯᠢ ᠦᠵᠡᠵᠦ ᠶᠠᠪᠤᠬᠰᠠᠨ ᠶᠢᠡᠷ ᠮᠠᠯᠴᠢᠳ ᠲᠡᠭᠦᠨ ᠢ《 ᠰᠠᠢᠢᠨ ᠴᠠᠭᠳᠠᠭ᠎ᠠ》 ᠬᠡᠮᠡᠨ ᠲᠤᠳᠤᠨᠤᠴᠢᠯᠠᠳᠠᠭ᠃ ᠲᠡᠷᠡ ᠤᠷᠢᠳ ᠬᠤᠵᠢᠳ《 ᠤᠯᠤᠰ ᠳᠠᠶᠠᠭᠠᠷ ᠤᠨ ᠰᠢᠯᠢᠳᠡᠭ ᠠᠷᠠᠳ ᠤᠨ ᠴᠠᠭᠳᠠᠭ᠎ᠠ 》᠂《ᠤᠯᠤᠰ ᠳᠠᠶᠠᠭᠠᠷ ᠤᠨ ᠲᠤᠳᠤᠭᠠᠳᠤ ᠵᠢ ᠬᠠᠮᠠᠭᠠᠯᠠᠬᠤ ᠰᠢᠰᠲ᠋ᠸᠮ ᠤᠨ ᠨᠢᠭᠡᠳᠦᠭᠡᠷ ᠳᠡᠰ ᠤᠨ ᠪᠠᠭᠠᠳᠤᠷ ᠵᠢᠱᠢᠶᠡᠴᠢ》ᠵᠡᠷᠭᠡ ᠢᠷᠠᠭᠤ ᠠᠯᠳᠠᠷ ᠢ ᠬᠦᠷᠲᠡᠵᠡᠢ᠃ ᠡᠭᠦᠨ ᠤ ᠬᠠᠮᠲᠤ᠂ ᠲᠡᠷᠡ ᠪᠤᠯ ᠤᠯᠤᠰ ᠳᠠᠶᠠᠭᠠᠷ ᠤᠨ《ᠮᠢᠨᠤ ᠬᠠᠮᠤᠭ ᠤᠨ ᠬᠠᠢᠢᠷᠠᠲᠠᠢ ᠠᠷᠠᠳ ᠤᠨ ᠴᠠᠭᠳᠠᠭ᠎ᠠ》 ᠶ᠋ᠢᠨ ᠰᠢᠯᠭᠠᠷᠠᠭᠤᠯᠤᠯᠲᠠ ᠵᠢᠨ ᠠᠵᠢᠯᠯᠠᠭ᠎ᠠ ᠳᠤ ᠦᠪᠦᠷ ᠮᠣᠩᠭᠣᠯ ᠡᠴᠡ ᠰᠤᠩᠭ᠋ᠤᠭᠳᠠᠭᠰᠠᠨ ᠴᠤᠷ ᠤᠨ ᠭᠠᠭᠴᠠ ᠠᠷᠠᠳ ᠤᠨ ᠴᠠᠭᠳᠠᠭ᠎ᠠ ᠪᠤᠯᠤᠨ᠎ᠠ᠃

    《 ᠲᠤᠭᠤᠷᠢᠭ ᠤᠨ ᠴᠠᠭᠳᠠᠭ᠎ᠠ ᠪᠤᠶᠠᠨ 》ᠺᠢᠨᠣ᠋ ᠵᠢ ᠴᠡᠩᠬᠡᠷ ᠨᠤᠳᠤᠭ ᠺᠢᠨᠣ᠋ ᠶᠢᠨ ᠦᠢᠯᠡᠰ ᠤᠨ ᠬᠢᠵᠠᠭᠠᠷᠲᠤ ᠺᠤᠮᠫᠠᠨᠢ ᠪᠤᠯᠤᠨ ᠦᠪᠦᠷ ᠮᠤᠩᠭ᠋ᠤᠯ ᠤᠨ ᠺᠢᠨᠣ᠋ ᠶᠢᠨ ᠪᠦᠯᠦᠭᠯᠡᠯ ᠬᠠᠮᠳᠤᠷᠠᠨ ᠦᠢᠯᠡᠳᠴᠦ᠂ ᠪᠠᠶᠠᠨᠨᠠᠭᠤᠷ ᠬᠤᠲᠠ ᠶᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ᠂ ᠤᠷᠠᠳ ᠤᠨ ᠬᠤᠢᠢᠲᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠬᠠᠮᠳᠤᠷᠠᠨ ᠵᠢᠷᠤᠭᠯᠠᠨ᠎ᠠ᠃ ᠺᠢᠨᠣ᠋ ᠶᠢᠨ ᠵᠢᠷᠤᠭᠯᠠᠬᠤ ᠬᠤᠭᠤᠴᠠᠭ᠎ᠠ ᠨᠢ ᠨᠢᠭᠡ ᠰᠠᠷ᠎ᠠ᠂ 2018 ᠤᠨ ᠤ《ᠬᠤᠶᠠᠷ ᠬᠤᠷᠠᠯ》 ᠤ᠋ᠨ ᠬᠤᠭᠤᠴᠠᠭᠠᠨ ᠳᠤ ᠤᠯᠠᠨ ᠲᠠᠢ ᠵᠤᠯᠭᠠᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121779665