蒙古文网站Logo
ᠰᠢᠨᠬᠤᠸᠠ ᠮᠤᠩᠭ᠋ᠤᠯ ᠨᠧᠲ

ᠰᠦᠯᠵᠢᠶᠠᠨ ᠠᠨᠳᠠ ᠨᠤᠭᠤᠳ 26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠯᠲᠠᠨ ᠲᠠᠬᠢᠶ᠎ᠠ ᠴᠡᠴᠡᠭᠡᠰ ᠺᠢᠨᠤ᠋ ᠤᠷᠠᠯᠢᠭ ᠤᠨ ᠨᠠᠶᠢᠷ ᠢ ᠮᠠᠰᠢ ᠠᠩᠬᠠᠷᠴᠤ ᠪᠤᠢ

2017-10-11 16:20

    ᠰᠡᠭᠦᠯ ᠤᠨ ᠦᠶ᠎ᠠ ᠳᠤ᠂ ᠬᠦᠬᠡᠬᠤᠲᠠ ᠳᠤ26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠯᠲᠠᠨ ᠲᠠᠬᠢᠶ᠎ᠠ ᠴᠡᠴᠡᠭᠡᠰ ᠺᠢᠨᠤ᠋ ᠤᠷᠠᠯᠢᠭ ᠤᠨ ᠨᠠᠶᠢᠷ ᠤᠨ ᠳ᠋ᠦᠩᠨᠡᠯᠲᠡ ᠶᠢᠨ ᠬᠤᠷᠠᠯ ᠶᠠᠪᠤᠭᠳᠠᠪᠠ᠃ ᠬᠦᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭ᠋ᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠰᠢᠦᠸᠸ ᠹᠸᠩ ᠬᠤᠷᠠᠯ ᠳᠡᠭᠡᠷ᠎ᠠ ᠳᠤᠮᠳᠠᠳᠤ ᠤᠯᠤᠰ ᠤᠨ ᠺᠢᠨᠤ᠋ ᠶᠢᠨ ᠨᠡᠶᠢᠭᠡᠮᠯᠢᠭ᠌ ᠡᠴᠡ ᠬᠦᠬᠡᠬᠤᠲᠠ ᠶᠢᠨ ᠨᠡᠮ ᠤᠨ ᠬᠤᠷᠢᠶ᠎ᠠ᠂ ᠵᠠᠰᠠᠭ ᠤᠨ ᠤᠷᠳᠤᠨ ᠳᠤ ᠢᠯᠡᠭᠡᠭ᠍ᠰᠡᠨ《 ᠲᠠᠯᠠᠷᠬᠠᠯ ᠤᠨ ᠵᠠᠬᠢᠳᠠᠯ》 ᠢ ᠤᠩᠰᠢᠪᠠ᠃ ᠵᠠᠬᠢᠳᠠᠯ ᠳᠤ᠂ ᠦᠨᠦ ᠵᠢᠯ ᠶᠠᠭ ᠰᠠᠶ᠊ᠢᠬᠠᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 70 ᠵᠢᠯ ᠤᠨ ᠤᠢ ᠲᠤᠬᠢᠶᠠᠬᠤ ᠲᠠᠰᠢᠷᠠᠮ ᠢᠶᠡᠷ ᠺᠢᠨᠤ᠋ ᠤᠷᠠᠯᠢᠭ ᠤᠨ ᠨᠠᠶᠢᠷ ᠶᠢ ᠬᠦᠬᠡᠬᠤᠲᠠ ᠳᠤ ᠶᠠᠪᠤᠭᠳᠠᠭᠤᠯᠤᠭᠰᠠᠨ ᠨᠢ ᠮᠠᠨ ᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠪᠦᠰᠡ ᠨᠤᠲᠤᠭ ᠤᠨ ᠺᠢᠨᠤ᠋ ᠲᠸᠯᠸᠢᠰ ᠤᠨ ᠰᠤᠶᠤᠯ ᠤᠨ ᠰᠤᠯᠢᠯᠴᠠᠭ᠎ᠠ ᠪᠤᠯᠤᠨ ᠬᠦᠭ᠍ᠵᠢᠯᠲᠠ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠵᠠᠢ᠃ ᠲᠤᠰ ᠤᠳᠠᠭᠠᠨ ᠤ ᠺᠢᠨᠤ᠋ ᠤᠷᠠᠯᠢᠭ ᠤᠨ ᠨᠠᠶᠢᠷ ᠲᠤᠪᠤᠶᠢᠮ᠎ᠠ ᠠᠮᠵᠢᠯᠲᠠ ᠳᠤ ᠬᠦᠷᠴᠤ᠂ ᠨᠠᠶᠢᠷ ᠤᠨ ᠬᠤᠭᠤᠴᠠᠭᠠᠨ ᠳᠤ ᠰᠢᠨ ᠯᠠᠩ ᠪᠦᠷᠭᠡ ᠶᠢᠨ《 ᠠᠯᠲᠠᠨ ᠲᠠᠬᠢᠶ᠎ᠠ ᠴᠡᠴᠡᠭᠡᠰ ᠱᠠᠩᠨᠠᠯ》 ᠤᠨ ᠲᠤᠬᠠᠢ ᠰᠡᠳᠦᠪ ᠢ ᠤᠩᠰᠢᠭᠰᠠᠨ ᠲᠤᠭ᠎ᠠ ᠨᠤᠷᠮ᠎ᠠ 6.7 ᠳ᠋ᠦᠩᠰᠢᠭᠤᠷ ᠲᠤ ᠬᠦᠷᠴᠤ᠂ ᠰᠦᠯᠵᠢᠶᠠᠨ ᠠᠨᠲᠠ ᠶᠢᠨ ᠠᠩᠬᠠᠷᠤᠯ ᠤᠨ ᠬᠡᠮᠵᠢᠶ᠎ᠠ ᠦᠩᠭᠡᠷᠡᠭᠰᠡᠨ ᠵᠢᠯ ᠤᠳ ᠡᠴᠡ ᠪᠦᠷ ᠦᠨᠳᠦᠷ ᠪᠠᠶᠢᠯ᠎ᠠ ᠭᠡᠵᠠᠢ᠃ ( ᠰᠤᠷᠪᠤᠯᠵᠢᠯᠠᠭᠴᠢ ᠹᠦ᠋ ᠷᠦᠩ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121787510