蒙古文网站Logo
ᠰᠢᠨᠬᠤᠸᠠ ᠮᠤᠩᠭ᠋ᠤᠯ ᠨᠧᠲ

《ᠴᠤᠮᠤᠷᠯᠢᠭ 》ᠰᠡᠳᠬᠦᠯ ᠤᠨ ᠬᠡᠪᠯᠡᠯ ᠡᠬᠢᠯᠡᠭᠰᠡᠨ 60 ᠵᠢᠯ ᠤᠨ ᠤᠢ ᠶᠢ ᠲᠡᠮᠲᠡᠭᠯᠡᠬᠦ ᠬᠤᠷᠠᠯ ᠬᠦᠬᠡᠬᠤᠲᠠ ᠳ᠋ᠤ ᠪᠤᠯᠤᠯ᠎ᠠ

2017-10-12 18:20

    ᠰᠢᠨᠬᠤᠧᠠ ᠮᠤᠩᠭᠤᠯ ᠨᠧᠲ  ᠬᠦᠬᠡᠬᠤᠲᠠ ᠶᠢᠨ 10 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) ᠦᠪᠦᠷ ᠮᠤᠩᠭᠤᠯ ᠤᠨ ᠡᠪᠯᠡᠯ ᠤᠨ ᠬᠤᠷᠢᠶᠠᠨ ᠡᠴᠡ ᠭᠤᠤᠯᠯᠠᠨ ᠬᠠᠮᠢᠶᠠᠷᠴᠤ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶᠠᠨ ᠡᠴᠡ ᠨᠠᠶᠢᠷᠠᠭᠤᠯᠤᠨ ᠬᠡᠪᠯᠡᠬᠦᠯᠵᠦ ᠪᠦᠬᠦᠢ ᠴᠤᠮᠤᠷᠯᠢᠭ ᠰᠡᠳᠬᠦᠯ ᠤᠨ ᠬᠡᠪᠯᠡᠯ ᠡᠬᠢᠯᠡᠭᠰᠡᠨ 60 ᠵᠢᠯ ᠤᠨ ᠤᠢ ᠶᠢ ᠲᠤᠷᠠᠰᠬᠠᠨ ᠲᠡᠮᠲᠡᠭᠯᠡᠬᠦ ᠬᠤᠷᠠᠯ ᠦᠲᠡ ᠡᠴᠡ ᠡᠮᠦᠨ᠎ᠡ ᠬᠦᠬᠡᠬᠤᠲᠠ ᠳ᠋ᠤ ᠪᠤᠯᠵᠤ ᠦᠩᠭᠡᠷᠡᠪᠡ᠃

    《ᠴᠤᠮᠤᠷᠯᠢᠭ》 ᠰᠡᠳᠬᠦᠯ ᠬᠡᠪᠯᠡᠯ ᠡᠬᠢᠯᠡᠭᠰᠡᠨ 60 ᠵᠢᠯ ᠤᠨ ᠲᠤᠷᠰᠢ ᠨᠠᠮ ᠵᠠᠰᠠᠭ ᠤᠨ ᠬᠠᠯᠠᠭᠤᠨ ᠬᠠᠶᠢᠷ᠎ᠠ ᠢᠪᠡᠭᠡᠯ ᠢ ᠲᠠᠰᠤᠷᠠᠯᠲᠠ ᠦᠭᠡᠢ ᠬᠦᠷᠲᠡᠵᠦ᠂ ᠵᠤᠬᠢᠶᠠᠯ ᠤᠨ ᠠᠭᠤᠯᠭ᠎ᠠ᠂ ᠴᠢᠨᠠᠷ ᠴᠢᠨᠰᠠᠭ᠎ᠠ᠂ ᠰᠡᠳᠬᠦᠯ ᠤᠨ ᠲᠦᠷᠢ ᠲᠦᠷᠬᠦ᠂ ᠬᠠᠪᠢᠰᠤ ᠤᠷᠠᠯᠠᠯ ᠨᠢ ᠤᠯᠠᠮ ᠴᠢᠨᠠᠷᠵᠢᠭᠤᠨ ᠭᠤᠶᠤ ᠪᠤᠯᠵᠤ᠂ ᠵᠯᠠᠭᠤᠴᠤᠳ ᠪᠠᠭᠠᠴᠤᠳ ᠤᠨ ᠰᠡᠳᠬᠢᠯ ᠤᠨ ᠬᠢᠨᠢ ᠬᠠᠨᠢ ᠰᠠᠨᠠᠭᠠᠨ ᠤ ᠲᠦᠰᠢᠭ ᠪᠤᠯᠤᠭᠰᠠᠭᠠᠷ ᠢᠷᠡᠪᠡ᠃ᠡᠲᠡᠭᠡᠷ ᠵᠢᠯ ᠤᠳ ᠲᠤ ᠨᠠᠮ ᠵᠠᠰᠠᠭ ᠤᠨ ᠱᠤᠭᠤᠮ᠂ ᠴᠢᠭᠯᠡᠯᠲᠡ᠂ ᠲᠦᠷᠦ ᠶᠢᠨ ᠪᠤᠲᠤᠯᠭ᠎ᠠ ᠶᠢ ᠦᠶ᠎ᠠ ᠦᠶ᠎ᠠ ᠶᠢᠨ ᠤᠩᠰᠢᠭᠴᠢᠳ ᠲᠤ ᠤᠬᠠᠭᠤᠯᠤᠨ ᠮᠡᠲᠡᠬᠦᠯᠵᠦ᠂ ᠬᠦᠲᠦᠯᠦᠨ ᠲᠠᠭᠠᠭᠤᠯᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 70 ᠵᠢᠯ ᠤᠨ ᠲᠤᠷᠰᠢᠬᠢ ᠨᠡᠶᠢᠭᠡᠮ ᠠᠬᠤᠢ᠂ ᠡᠳ᠋ ᠤᠨ ᠵᠠᠰᠠᠭ᠂ ᠰᠤᠶᠤᠯ ᠪᠤᠯᠪᠠᠰᠤᠨ ᠤ ᠬᠦᠭ᠍ᠵᠢᠯᠲᠠ ᠬᠤᠪᠢᠷᠠᠯᠲᠠ ᠶᠢ ᠵᠢᠷᠤᠭᠯᠠᠨ ᠲᠡᠮᠲᠡᠭᠯᠡᠭᠰᠡᠭᠡᠷ ᠢᠷᠡᠵᠡᠢ᠃

    ᠬᠤᠷᠠᠯ ᠤᠨ ᠦᠶ᠎ᠠ ᠪᠡᠷ ᠡᠷᠲᠡᠮᠲᠡᠨ ᠮᠡᠷᠭᠡᠵᠢᠯᠲᠡᠳ᠂ ᠰᠤᠷᠪᠤᠯᠵᠢᠯᠠᠭᠴᠢ ᠨᠠᠶᠢᠷᠠᠭᠤᠯᠤᠭᠴᠢᠳ᠂ ᠤᠩᠰᠢᠭᠴᠢᠳ ᠤᠨ ᠲᠦᠯᠦᠭᠡᠯᠡᠯ ᠡᠴᠡ ᠴᠤᠮᠤᠷᠯᠢᠭ ᠰᠡᠳᠬᠦᠯ ᠤᠨ ᠠᠮᠵᠢᠯᠲᠠ ᠪᠦᠲᠦᠮᠵᠢ ᠶᠢᠨ ᠲᠤᠭᠤᠷᠢᠨ ᠳ᠋ᠤ ᠴᠢᠯᠦᠭᠡᠲᠡᠢ ᠶᠠᠷᠢᠯᠴᠠᠬᠤ ᠶᠢᠨ ᠬᠠᠮᠲᠤ ᠴᠤᠮᠤᠷᠯᠢᠭ ᠰᠡᠳᠬᠦᠯ ᠯᠤᠭᠡ ᠶᠢᠨ ᠬᠤᠪᠢ ᠪᠠᠷᠢᠯᠲᠤᠯᠭ᠎ᠠ᠂ ᠰᠤᠷᠪᠤᠯᠵᠢᠯᠠᠭ᠎ᠠ ᠶᠢᠨ ᠠᠶᠠᠨ ᠤ ᠦᠯᠢᠭᠡᠷ ᠵᠡᠷᠭᠡ ᠨᠠᠨᠳᠢᠨ ᠲᠤᠷᠠᠳᠬᠠᠯ ᠲᠠᠢ ᠦᠯᠢᠭᠡᠷ ᠤᠳ ᠶᠢᠡᠨ ᠬᠤᠪᠢᠶᠠᠯᠴᠠᠭᠰᠠᠨ ᠪᠠᠶᠢᠨ᠎ᠠ᠃

    ᠮᠦᠨ ᠬᠤᠷᠠᠯ ᠤᠨ ᠦᠶ᠎ᠠ ᠪᠡᠷ ᠴᠤᠮᠤᠷᠯᠢᠭ ᠰᠡᠳᠬᠦᠯ ᠤᠨ ᠭᠠᠪᠢᠶᠠᠲᠤ ᠨᠠᠶᠢᠷᠠᠭᠤᠯᠤᠭᠴᠢ᠂ ᠰᠡᠳᠬᠦᠯ ᠤᠨ ᠬᠦ᠍ᠭ᠍ᠵᠢᠯᠲᠠ ᠳ᠋ᠤ ᠲᠤᠪᠤᠶᠢᠮ᠎ᠠ ᠵᠢᠳᠬᠦᠯ ᠦᠵᠡᠬᠦᠯᠦᠭᠰᠡᠨ ᠤᠩᠰᠢᠭᠴᠢ ᠵᠤᠬᠢᠶᠠᠭᠴᠢ ᠪᠠᠨ ᠤᠷᠮᠠᠰᠢᠭᠤᠯᠤᠨ ᠵᠤᠷᠢᠭᠵᠢᠭᠤᠯᠵᠤ᠂ ᠴᠤᠮᠤᠷᠯᠢᠭ ᠨᠡᠷᠡᠮᠵᠢᠲᠦ ᠴᠦᠬᠡᠨ ᠲᠤᠭᠠᠲᠤ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠤᠶᠤᠯ ᠤᠨ ᠬᠦᠭ᠍ᠵᠢᠬᠦᠯᠦᠯᠲᠡ ᠶᠢᠨ ᠰᠠᠭᠤᠷᠢ ᠮᠦᠩᠬᠦ ᠶᠢ ᠠᠵᠢᠯᠯᠠᠭᠤᠯᠬᠤ ᠶᠤᠰᠤᠯᠠᠯ ᠪᠤᠯᠪᠠ᠃ ᠴᠤᠮᠤᠷᠯᠢᠭ ᠰᠡᠳᠬᠦᠯ ᠵᠦᠪ ᠤᠨᠤᠪᠴᠢᠲᠠᠢ ᠪᠡᠷ ᠰᠡᠳᠬᠦᠯ ᠡᠷᠬᠢᠯᠡᠬᠦ ᠴᠢᠭᠯᠡᠯᠲᠡ ᠪᠠᠨ ᠪᠠᠷᠢᠮᠲᠠᠯᠠᠨ᠂ ᠬᠡᠦᠬᠡᠳ ᠪᠠᠭᠠᠴᠤᠳ ᠤᠨ ᠪᠠᠶ᠎ᠠ ᠰᠡᠳᠬᠢᠯ ᠤᠨ ᠤᠨᠴᠯᠠᠢᠭ ᠪᠠ ᠬᠦᠯᠢᠶᠠᠨ ᠤᠩᠰᠢᠵᠤ ᠰᠤᠨᠢᠷᠬᠠᠬᠤ ᠴᠢᠲᠠᠪᠤᠷᠢ ᠶᠢ ᠦᠨᠳᠦᠰᠦᠯᠡᠨ 《ᠮᠠᠨ ᠤ ᠵᠤᠬᠢᠶᠠᠯ》᠂《ᠰᠠᠶᠢᠰᠢᠶᠠᠯ ᠤᠨ ᠴᠡᠴᠡᠭ ᠵᠡᠭᠦᠭ᠍ᠰᠡᠳ》᠂ 《ᠤᠶᠤᠨ ᠤ ᠲᠦᠯᠬᠢᠭᠦᠷ》ᠵᠡᠷᠭᠡ ᠤᠯᠠᠨ ᠰᠠᠶᠢᠬᠠᠨ ᠪᠤᠯᠤᠩ ᠨᠡᠬᠡᠬᠡᠵᠦ ᠤᠩᠰᠢᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠭᠠᠷ ᠢᠷᠡᠵᠡᠢ᠃ ᠬᠡᠦᠬᠡᠳ ᠪᠠᠭᠠᠴᠤᠳ ᠤᠨ ᠡᠷᠡᠬᠦᠯ ᠲᠤᠷᠨᠢᠭᠤᠨ ᠦᠰᠦᠨ ᠪᠤᠶᠢᠵᠢᠬᠤ ᠳ᠋ᠤ ᠨᠡᠩ ᠰᠠᠶᠢᠨ ᠦᠢᠯᠡᠴᠢᠯᠡᠬᠦ ᠪᠡᠷ 2015 ᠤᠨ ᠤ ᠲᠤᠤᠷᠠᠲᠤ ᠬᠠᠭᠠᠰ ᠵᠢᠯ ᠡᠴᠡ ᠡᠬᠢᠯᠡᠨ《ᠴᠤᠮᠤᠷᠯᠢᠭ》ᠰᠡᠳᠬᠦᠯ ᠢᠶᠡᠨ ᠠᠩᠬ᠎ᠠ ᠲᠤᠮᠲᠠᠲᠤ ᠶᠢᠨ ᠬᠡᠪᠯᠡᠯ ᠪᠠ ᠪᠠᠭ᠎᠎ᠠ ᠰᠤᠷᠭᠠᠭᠤᠯᠢ ᠶᠢᠨ ᠬᠡᠪᠯᠡᠯ ᠪᠤᠯᠭᠠᠨ ᠬᠤᠶᠠᠷ ᠬᠤᠪᠢᠶᠠᠪᠠ᠃ ᠮᠦᠨ ᠡᠭᠦᠨ ᠤ ᠲᠠᠭᠠᠤ ᠰᠡᠳᠬᠦᠯ ᠤᠨ ᠨᠠᠶᠢᠷᠠᠭᠤᠯᠤᠭᠴᠢᠳ ᠤᠨ ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ ᠢ ᠲᠡᠭᠡᠭ᠍ᠰᠢᠯᠡᠬᠦᠯᠬᠦ ᠶᠢᠨ ᠬᠠᠮᠲᠤ ᠬᠡᠦᠬᠡᠳ ᠤᠨ ᠤᠷᠠᠨ ᠵᠤᠬᠢᠶᠠᠯᠴᠢ ᠶᠢᠨ ᠪᠤᠯᠪᠠᠰᠤᠷᠠᠯ ᠤᠨ ᠠᠩᠬᠢ ᠡᠷᠬᠢᠯᠡᠬᠦ᠂ 《ᠴᠤᠮᠤᠷᠯᠢᠭ》 ᠬᠤᠨᠲᠠᠭᠠᠲᠤ ᠬᠡᠦᠬᠡᠳ ᠤᠨ ᠦᠬᠦᠯᠡᠯᠭᠡ ᠶᠢᠨ ᠤᠷᠤᠯᠲᠤᠭᠠᠨ ᠶᠠᠪᠤᠭᠤᠯᠬᠤ ᠵᠡᠷᠭᠡ ᠠᠷᠭ᠎ᠠ ᠬᠡᠮᠵᠢᠶ᠎ᠠ ᠵᠤᠬᠢᠶᠠᠨ ᠪᠠᠶᠢᠭᠤᠯᠵᠤ ᠪᠠᠶᠢᠨ᠎ᠠ᠃

    ᠬᠡᠪᠯᠡᠯ ᠮᠡᠲᠡᠭᠡᠯᠡᠯ ᠠᠭᠤᠰᠤᠯᠴᠠᠨ ᠬᠦᠭ᠍ᠵᠢᠵᠦ ᠪᠠᠶᠢᠭ᠎ᠠ ᠡᠨᠡ ᠡᠷᠢᠨ ᠳ᠋ᠤ 《ᠴᠤᠮᠤᠷᠯᠢᠭ》ᠰᠡᠳᠬᠦᠯ ᠤᠨ ᠬᠢᠨ ᠵᠤᠬᠢᠶᠠᠯ ᠤᠨ ᠲᠠᠭᠤᠲᠤ ᠤᠩᠰᠢᠯᠭ᠎ᠠ᠂ ᠰᠦᠯᠵᠢᠶ᠎ᠠ ᠸᠢᠴᠠᠲ ᠠᠵᠢᠯᠯᠠᠭᠤᠯᠬᠤ ᠵᠡᠷᠭᠡ ᠰᠢᠨ᠎ᠡ ᠬᠡᠪᠯᠡᠯ ᠮᠡᠲᠡᠭᠡᠯᠡᠯ ᠤᠨ ᠬᠡᠷᠡᠭᠰᠡᠯ ᠢ ᠠᠰᠢᠭᠯᠠᠨ ᠤᠩᠰᠢᠭᠴᠳ ᠲᠠᠭᠠᠨ ᠰᠠᠶᠢᠲᠦᠷ ᠦᠢᠯᠡᠴᠢᠯᠡᠵᠦ ᠪᠠᠶᠢᠬᠤ ᠪᠡᠷ ᠪᠠᠷᠠᠬᠤ ᠦᠭᠡᠢ ᠲᠠᠷᠠᠭ᠎ᠠ ᠪᠡᠷ AR ᠵᠡᠷᠭᠡ ᠲᠡᠭᠡᠳᠦ ᠲᠧᠭ᠍ᠨᠤᠯᠤᠬᠢ ᠶᠢᠨ ᠮᠡᠷᠭᠡᠵᠢᠯ ᠢ ᠰᠡᠳᠬᠦᠯ ᠳ᠋ᠡᠭᠡᠨ ᠦᠢᠯᠡᠴᠢᠯᠡᠬᠦᠯᠬᠦ ᠪᠡᠷ ᠴᠢᠷᠮᠠᠶᠢᠨ ᠠᠵᠢᠯᠯᠠᠵᠤ ᠪᠠᠶᠢᠨ᠎ᠠ᠃

    《ᠴᠤᠮᠤᠷᠯᠢᠭ》ᠰᠡᠳᠬᠦᠯ ᠲᠤᠮᠲᠠᠲᠤ ᠤᠯᠤᠰ ᠤᠨ ᠰᠢᠯᠢᠲᠡᠭ ᠪᠠᠭᠠᠴᠤᠳ ᠤᠨ ᠰᠡᠳᠬᠦᠯ ᠤᠨ ᠬᠤᠭᠤᠴᠠᠭᠠᠲᠤ ᠰᠡᠳᠬᠦᠯ ᠤᠨ ᠠᠯᠲᠠᠨ ᠮᠧᠳᠠᠯ᠂ ᠲᠤᠮᠲᠠᠲᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠪᠠᠭᠠᠴᠤᠳ ᠬᠡᠦᠬᠡᠳ ᠤᠨ ᠰᠤᠨᠢᠨ ᠰᠡᠳᠬᠦᠯ ᠤᠨ ᠠᠯᠲᠠᠨ ᠮᠧᠳᠠᠯ᠂ ᠦᠪᠦᠷ ᠮᠤᠩᠭᠤᠯ ᠤᠨ ᠬᠤᠶᠠᠲᠤᠭᠠᠷ ᠬᠤᠭᠤᠴᠠᠭᠠᠨ ᠤ ᠬᠡᠪᠯᠡᠯ ( ᠬᠤᠭᠤᠴᠠᠭᠠᠲᠤ ᠰᠡᠳᠬᠦᠯ ) ᠤᠨ ᠱᠠᠩᠨᠠᠯ ᠢ ᠬᠦᠷᠲᠡᠵᠦ᠂ ᠤᠯᠤᠰ ᠤᠨ ᠰᠤᠨᠢᠨ ᠮᠡᠲᠡᠭᠡ ᠬᠡᠪᠯᠡᠯ ᠷᠠᠳᠢᠣ᠋ ᠺᠢᠨᠣ᠋ ᠲᠧᠯᠧᠢᠰ ᠤᠨ ᠶᠡᠷᠦᠩᠬᠡᠢ ᠲᠤᠪᠴᠢᠶ᠎ᠠ ᠡᠴᠡ 《ᠴᠤᠮᠤᠷᠯᠢᠭ》ᠰᠡᠳᠬᠦᠯ ᠢ ᠭᠤᠷᠪᠠ ᠤᠲᠠᠭ᠎ᠠ 《ᠪᠦᠬᠦ ᠤᠯᠤᠰ ᠤᠨ ᠪᠠᠭᠠᠴᠤᠳ ᠬᠡᠦᠬᠡᠳ ᠤᠨ ᠰᠢᠯᠢᠲᠡᠭ ᠰᠤᠨᠢᠨ ᠰᠡᠳᠬᠦᠯ》 ᠶᠢᠡᠷ ᠲᠠᠨᠢᠯᠴᠠᠭᠤᠯᠤᠭᠰᠠᠨ ᠤᠲᠠᠭ᠎ᠠ ᠲᠠᠢ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121794350