蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠴᠢᠩ ᠮᠢᠩ ᠤᠨ ᠬᠦᠷᠦᠭ ᠵᠢᠷᠤᠭ ᠤᠨ ᠦᠵᠡᠰᠭᠦᠯᠡᠩ ᠪᠸᠷᠯᠢᠨ ᠳᠤ ᠶᠠᠪᠤᠭᠳᠠᠪᠠ

2017-10-13 17:15

1 0 ᠰᠠᠷ᠎ᠠ ᠶᠢᠨ 11 ᠤ ᠡᠳᠦᠷ ᠭ᠍ᠸᠷᠮᠠᠨ ᠤ ᠪᠸᠷᠯᠢᠨ ᠳᠤ ᠬᠦᠮᠦᠰ《ᠡᠷᠭᠢᠮᠰᠦᠭ ᠭᠡᠭᠡᠨᠴᠢᠷ ᠤᠨ ᠪᠦᠷᠢᠯᠦ᠎ᠠ -- ᠳᠤᠮᠳᠠᠳᠤ ᠤᠯᠤᠰ ᠤᠨ ᠴᠢᠩ ᠮᠢᠩ ᠤᠨ ᠬᠦᠷᠦᠭ᠌ ᠵᠢᠷᠤᠭ ᠤᠨ ᠦᠵᠡᠰᠭᠦᠯᠡᠩ》 ᠢ ᠰᠤᠨᠢᠷᠬᠠᠵᠤ ᠪᠠᠶᠢᠭ᠎ᠠ ᠨᠢ

    ᠪᠡᠭᠡᠵᠢᠩ ᠤᠨ ᠬᠠᠭᠠᠨ ᠤ ᠤᠷᠳᠤᠨ ᠤ ᠮᠦᠽᠸᠢ ᠡᠴᠡ ᠭᠤᠤᠯᠳᠠᠬᠰᠠᠨ《ᠡᠷᠭᠢᠮᠰᠦᠭ ᠭᠡᠭᠡᠨᠴᠢᠷ ᠤᠨ ᠪᠦᠷᠢᠯᠦ᠎ᠠ -- ᠳᠤᠮᠳᠠᠳᠤ ᠤᠯᠤᠰ ᠤᠨ ᠴᠢᠩ ᠮᠢᠩ ᠤᠨ ᠬᠦᠷᠦᠭ᠌ ᠵᠢᠷᠤᠭ ᠤᠨ ᠦᠵᠡᠰᠭᠦᠯᠡᠩ》11 ᠤ᠋ ᠡᠳᠦᠷ ᠤᠨ ᠤᠷᠤᠢ ᠭ᠍ᠸᠷᠮᠠᠨ ᠤ ᠪᠸᠷᠯᠢᠨ ᠳᠤ ᠨᠡᠭᠡᠭᠡᠯᠲᠡ ᠪᠡᠨ ᠬᠢᠪᠡ᠃ ᠲᠤᠰ ᠤᠳᠠᠭᠠᠨ ᠤ ᠵᠢᠷᠤᠭ ᠤᠨ ᠦᠵᠡᠰᠭᠦᠯᠡᠩ ᠢ ᠭ᠍ᠸᠷᠮᠠᠨ ᠤ ᠪᠸᠷᠯᠢᠨ ᠤᠯᠤᠰ ᠤᠨ ᠮᠦᠽᠸᠢ ᠶᠢᠨ ᠠᠽᠢᠶ᠎ᠠ ᠲᠢᠪ ᠤᠨ ᠤᠷᠠᠯᠢᠭ ᠤᠨ ᠮᠦᠽᠸᠢ ᠡᠴᠡ ᠰᠠᠨᠠᠭᠠᠴᠢᠯᠠᠨ ᠡᠸᠦ᠋ᠷᠦᠫᠠ ᠲᠢᠪ ᠲᠤ ᠶᠠᠪᠤᠭᠳᠠᠭᠰᠠᠨ ᠠᠩᠬᠠᠨ ᠤ ᠲᠤᠮᠤ ᠬᠡᠯᠪᠡᠷᠢ ᠶᠢᠨ ᠳᠤᠮᠳᠠᠳᠤ ᠶᠢᠨ ᠬᠦᠷᠦᠭ ᠵᠢᠷᠤᠭ ᠤᠨ ᠦᠵᠡᠰᠭᠦᠯᠡᠩ ᠮᠦᠨ᠃ ᠺᠠᠨᠠᠳᠠ ᠶᠢᠨ ᠬᠠᠭᠠᠨ ᠤ ᠤᠭᠰᠠᠭᠠᠨ ᠤ Ontario ᠮᠦᠽᠸᠢ ᠵᠡᠷᠭᠡ ᠪᠠᠶᠢᠭᠤᠯᠤᠮᠵᠢ ᠪᠠᠰᠠ ᠵᠢᠷᠤᠭ ᠤᠨ ᠪᠦᠲᠦᠭᠡᠯ ᠬᠠᠩᠭ᠋ᠠᠵᠤ ᠦᠵᠡᠰᠭᠦᠯᠡᠩ ᠳᠤ ᠤᠷᠤᠯᠴᠠᠵᠠᠢ᠃ ᠦᠵᠡᠰᠭᠦᠯᠡᠩ ᠳᠤ ᠭᠤᠤᠯᠳᠠᠭᠤ ᠲᠡᠭᠡᠳᠦᠰ ᠤᠨ ᠬᠦᠷᠦᠭ᠌ ᠪᠤᠯᠤᠨ ᠪᠢᠴᠢᠭᠳᠡᠨ ᠤ ᠬᠦᠷᠦᠭ᠌ ᠢᠶᠡᠷ ᠭᠤᠤᠯᠯᠠᠬᠰᠠᠨ ᠤ ᠬᠠᠮᠲᠤ ᠵᠢᠷᠤᠭ ᠤᠨ ᠪᠦᠲᠦᠭᠡᠯ ᠲᠠᠢ ᠬᠠᠮᠢᠶᠠᠳᠤᠭᠰᠠᠨ ᠭᠤᠴᠤ ᠭᠡᠭᠡᠨᠴᠢᠷ ᠬᠤᠪᠴᠠᠰᠤ ᠬᠤᠨᠠᠷ ᠢ ᠳᠡᠯᠭᠡᠨ ᠦᠵᠡᠭᠦᠯᠵᠤ ᠪᠤᠢ᠃ ᠲᠤᠰ ᠤᠳᠠᠭᠠᠨ ᠤ ᠦᠵᠡᠰᠭᠦᠯᠡᠩ 2018 ᠤᠨ ᠤ 1 ᠰᠠᠷ᠎ᠠ ᠶᠢᠨ 7 ᠤ ᠡᠳᠦᠷ ᠪᠤᠯᠲᠠᠯ᠎ᠠ ᠦᠷᠭᠦᠯᠵᠢᠯᠡᠨ᠎᠎ᠡ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠱᠠᠨ ᠢᠦᠢ ᠴᠢ)

 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121800390