蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠰᠤᠶᠤᠯ ᠤᠨ ᠠᠵᠤ ᠦᠢᠯᠡᠰ ᠤᠨ ᠦᠵᠡᠰᠬᠦᠯᠡᠩ ᠡᠬᠢᠯᠡᠪᠡ

2017-10-21 13:51

    10 ᠰᠠᠷ᠎ᠠ ᠵᠢᠨ 20 ᠤ ᠡᠳᠦᠷ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠰᠤᠶᠤᠯ ᠤᠨ ᠠᠵᠤ ᠦᠢᠯᠡᠰ ᠤᠨ ᠦᠵᠡᠰᠬᠦᠯᠡᠩ ᠬᠤᠳᠠᠯᠳᠤᠭ᠎ᠠ ᠬᠦᠬᠡᠬᠤᠳᠠ ᠳ᠋ᠡᠬᠢ ᠦᠪᠦᠷ ᠮᠤᠩᠭ᠋ᠤᠯ ᠤᠨ ᠤᠯᠠᠨ ᠤᠯᠤᠰ ᠤᠨ ᠦᠵᠡᠰᠬᠦᠯᠡᠩ ᠤᠨ ᠲᠦᠪ ᠲᠤ ᠡᠬᠢᠯᠡᠪᠡ᠃

    ᠳᠤᠰ ᠬᠤᠭᠤᠴᠠᠭᠠᠨ ᠤ ᠰᠤᠶᠤᠯ ᠤᠨ ᠠᠵᠤ ᠦᠢᠯᠡᠰ ᠤᠨ ᠦᠵᠡᠰᠬᠦᠯᠡᠩ ᠢ ᠦᠪᠦᠷ ᠮᠣᠩᠭᠣᠯ ᠤᠨ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠡᠴᠡ ᠰᠠᠨᠠᠭᠠᠴᠢᠯᠠᠨ᠂ ᠰᠢᠨᠬᠤᠸᠠ ᠨᠸᠲ ᠡᠴᠡ ᠵᠤᠬᠢᠶᠠᠨ ᠪᠠᠶᠢᠭᠤᠯᠵᠤ《ᠰᠢᠨ᠎ᠠ ᠵᠢ ᠡᠬᠦᠳᠤᠨ ᠬᠦᠭ᠍ᠵᠢᠬᠦᠯᠬᠦ ᠶᠢ ᠤᠯᠠᠮᠵᠢᠯᠠᠨ᠂ ᠠᠭᠤᠰᠤᠯᠴᠠᠨ ᠬᠠᠮᠳᠤᠪᠡᠷ ᠡᠳ᠋ᠯᠡᠬᠦ ᠶᠢ ᠨᠡᠭᠡᠭᠡᠬᠦ》 ᠪᠡᠷ ᠭᠤᠤᠯ ᠰᠡᠳᠦᠪ ᠪᠤᠯᠭᠠᠪᠠ᠂ ᠦᠵᠡᠬᠦᠯᠤᠯᠬᠡ ᠵᠢᠨ ᠶᠡᠷᠦᠩᠬᠡᠢ ᠳᠠᠯᠠᠪᠠᠢ ᠨᠢ 1.2 ᠲᠦᠮᠡᠨ ᠺᠦᠸᠠᠳ᠋ ᠮᠧ᠋ᠲ᠋ᠷ ᠲᠤ ᠬᠦᠷᠴᠡᠢ᠃ ᠦᠵᠡᠬᠦᠯᠦᠯᠭᠡ ᠶᠢᠨ ᠳᠤᠭᠤᠷᠢᠭ ᠨᠢ ᠰᠤᠶᠤᠯ ᠤᠨ ᠠᠵᠤ ᠦᠢᠯᠡᠰ ᠤᠨ ᠶᠡᠷᠦᠩᠬᠡᠢᠢᠯᠡᠭᠰᠡᠨ ᠤᠷᠳᠤᠨ᠂ ᠰᠤᠶᠤᠯ ᠵᠢᠭᠤᠯᠴᠢᠯᠠᠯ ᠤᠨ ᠠᠭᠤᠰᠤᠯᠴᠠᠯ ᠤᠨ ᠤᠷᠳᠤᠨ᠂《ᠨᠢᠬᠡ ᠪᠦᠰᠡ ᠨᠢᠬᠡ ᠵᠠᠮ》 ᠤᠨ ᠤᠯᠠᠨ ᠤᠯᠤᠰ ᠤᠨ ᠤᠷᠳᠤᠨ᠂ ᠭᠠᠷ ᠤᠷᠠᠯᠠᠯ ᠤᠷᠠᠨ ᠵᠢᠷᠤᠭ ᠤᠨ ᠤᠷᠳᠤᠨ᠂ ᠰᠤᠶᠤᠯ ᠰᠢᠨᠵᠢᠯᠡᠬᠦ ᠤᠬᠠᠭᠠᠨ ᠲᠧᠭᠨᠤᠯᠤᠬᠢ ᠶᠢᠨ ᠤᠷᠳᠤᠨ᠂ ᠰᠤᠶᠤᠯ ᠤᠨ ᠬᠡᠷᠡᠭᠯᠡᠬᠡᠨ ᠤ ᠤᠷᠳᠤᠨ᠂ ᠮᠤᠳ᠋ ᠰᠤᠶᠤᠯ ᠤᠨ ᠤᠷᠳᠤᠨ ᠵᠡᠷᠬᠡ 7 ᠭᠤᠤᠯ ᠰᠡᠳᠦᠪᠳᠤ ᠤᠷᠳᠤᠨ ᠢᠶᠡᠷ ᠪᠦᠷᠢᠯᠳᠦᠵᠡᠢ᠃ ᠰᠤᠶᠤᠯ ᠤᠨ ᠠᠵᠤ ᠦᠢᠯᠡᠰ ᠤᠨ ᠤᠷᠳᠤᠨ ᠢ 12 ᠠᠢᠢᠮᠠᠭ ᠬᠤᠳᠠ ᠪᠠ  ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠤᠯᠤᠰ ᠤᠨ ᠦᠮᠴᠢᠯᠡᠯᠳᠤ 4 ᠰᠤᠶᠤᠯ ᠤᠨ ᠠᠵᠤ ᠠᠬᠤᠢᠢᠯᠠᠯ ᠤᠨ ᠪᠦᠯᠦᠭᠯᠡᠯ ᠡᠴᠡ ᠵᠤᠬᠢᠶᠠᠨ ᠪᠠᠢᠢᠭᠤᠯᠵᠠᠢ᠃ 5 ᠡᠳᠦᠷ ᠶᠠᠪᠤᠭᠳᠠᠬᠤ ᠴᠤᠬᠯᠠᠭᠠᠨ ᠳᠤ ᠦᠪᠦᠷ ᠮᠣᠩᠭᠣᠯ ᠤᠨ ᠦᠪᠡᠷᠳᠡᠬᠡᠨ ᠵᠠᠰᠬᠠᠤ ᠤᠷᠤᠨ ᠤ ᠰᠤᠶᠤᠯ ᠤᠨ ᠠᠵᠤ ᠦᠢᠯᠡᠰ ᠤᠨ ᠬᠦᠭ᠍ᠵᠢᠯᠳᠡ ᠵᠢᠨ ᠹᠤᠷᠦ᠋ᠮ ᠪᠠ ᠰᠤᠶᠤᠯ ᠤᠨ ᠠᠵᠤ ᠦᠢᠯᠡᠰ ᠤᠨ ᠲᠦᠷᠦ ᠵᠢᠨ ᠪᠤᠳᠤᠯᠭ᠎ᠠ ᠵᠢ ᠳᠠᠨᠢᠯᠴᠠᠭᠤᠯᠬᠤ᠂ ᠲᠦᠷᠦᠯ ᠵᠦᠢᠯ ᠤᠨ ᠭᠠᠷ ᠤᠨ ᠦᠰᠦᠭ ᠵᠢᠷᠤᠬᠤ ᠶᠤᠰᠤᠯᠠᠯ ᠪᠠ ᠦᠨᠳᠦᠰᠦᠳᠡᠨ ᠤ ᠵᠠᠩ ᠳᠠᠳᠬᠠᠯ ᠤᠨ ᠳᠡᠯᠬᠡᠨ ᠦᠵᠡᠬᠦᠯᠦᠯᠬᠡ ᠵᠡᠷᠬᠡ ᠠᠵᠢᠯᠯᠠᠭ᠎ᠠ ᠵᠢ ᠳᠤᠬᠢᠷᠠᠭᠤᠯᠵᠠᠢ᠃

    ᠳᠤᠰ ᠬᠤᠭᠤᠴᠠᠭᠠᠨ ᠤ ᠦᠵᠡᠰᠬᠦᠯᠡᠩ ᠳ᠋ᠤ 2239 ᠠᠵᠤ ᠠᠬᠤᠢᠢᠯᠠᠯ ᠤᠷᠤᠯᠴᠠᠵᠤ᠂ ᠡᠬᠦᠨ ᠳ᠋ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠤᠳᠤᠭᠠᠳᠤᠬᠢ 198 ᠠᠵᠤ ᠠᠬᠤᠢᠢᠯᠠᠯ᠂ ᠤᠷᠤᠨ ᠤ ᠭᠠᠳᠠᠨᠠᠬᠢ 80 ᠠᠵᠤ ᠠᠬᠤᠢᠢᠯᠠᠯ ᠪᠠ ᠹᠷᠠᠨᠼᠢ᠂ ᠶᠠᠫᠤᠨ᠂ ᠮᠤᠩᠭ᠋ᠤᠯ᠂ ᠡᠨᠡᠳᠬᠡᠭ᠌ ᠵᠡᠷᠬᠡ 12 ᠤᠯᠤᠰ ᠤᠨ 61 ᠠᠵᠤ ᠠᠬᠤᠢᠢᠯᠠᠯ ᠤᠷᠤᠯᠴᠠᠵᠠᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121835335