蒙古文网站Logo
ᠰᠢᠨᠬᠤᠸᠠ ᠮᠤᠩᠭ᠋ᠤᠯ ᠨᠧᠲ

ᠬᠤᠶᠠᠳᠤᠭᠠᠷ ᠬᠤᠭᠤᠴᠠᠭᠠᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠠᠵᠤ ᠦᠢᠯᠡᠰ ᠤᠨ ᠦᠵᠡᠰᠭᠦᠯᠡᠩ ᠢᠶᠡᠷ 24 ᠳ᠋ᠦᠩᠰᠢᠭᠤᠷ ᠲᠦᠬᠦᠷᠢᠭ᠌ ᠤᠨ ᠲᠦᠰᠦᠯ ᠤᠨ ᠭᠡᠷ᠎ᠠ ᠪᠠᠶᠢᠭᠤᠯᠪᠠ

2017-10-23 11:19

    10 ᠰᠠᠷ᠎ᠠ ᠶᠢᠨ 21 ᠤ ᠡᠳᠦᠷ᠂ ᠬᠤᠶᠠᠳᠤᠭᠠᠷ ᠬᠤᠭᠤᠴᠠᠭᠠᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠠᠵᠤ ᠦᠢᠯᠡᠰ ᠤᠨ ᠦᠵᠡᠰᠭᠦᠯᠡᠩ ᠤᠨ ᠠᠷᠠᠯᠵᠢᠶᠠᠨ ᠤ ᠬᠤᠷᠠᠯ ᠤᠨ《ᠲᠦᠷᠦ ᠶᠢᠨ ᠪᠤᠳᠤᠯᠭ᠎ᠠ ᠶᠢ ᠤᠬᠠᠭᠤᠯᠬᠤ ᠬᠤᠷᠠᠯ ᠵᠢᠴᠢ ᠲᠦᠰᠦᠯ ᠤᠨ ᠭᠡᠷ᠎ᠠ ᠪᠠᠶᠢᠭᠤᠯᠤᠬᠤ ᠶᠤᠰᠤᠯᠠᠯ》ᠬᠦᠬᠡᠬᠤᠲᠠ ᠳᠤ ᠶᠠᠪᠤᠭᠳᠠᠪᠠ᠃ ᠲᠤᠰ ᠤᠳᠠᠭᠠᠨ ᠤ ᠦᠵᠡᠰᠭᠦᠯᠡᠩ ᠳᠤ ᠰᠤᠶᠤᠯ ᠤᠨ ᠠᠵᠤ ᠦᠢᠯᠡᠰ ᠤᠨ 29 ᠴᠢᠬᠤᠯᠠ ᠲᠦᠰᠦᠯ ᠳᠤ ᠭᠡᠷ᠎ ᠪᠠᠶᠢᠭᠤᠯᠪᠠ᠂ ᠡᠭᠦᠨ ᠳᠤ᠂ ᠤᠯᠤᠰ ᠤᠨ ᠦᠮᠴᠢᠯᠡᠯᠲᠤ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ 11 ᠲᠦᠰᠦᠯ ᠪᠤᠯᠤᠨ ᠬᠤᠪᠢ ᠶᠢᠨ ᠦᠮᠴᠢᠯᠡᠯᠲᠤ ᠬᠦᠷᠦᠩᠭᠡ ᠶᠢᠨ ᠬᠦᠷᠦᠩᠭᠡ ᠤᠷᠤᠭᠤᠯᠤᠭᠰᠠᠨ 18 ᠲᠦᠰᠦᠯ ᠢ ᠪᠠᠭᠲᠠᠭᠠᠵᠤ᠂ ᠶᠡᠷᠦᠩᠬᠡᠢ ᠬᠦᠷᠦᠩᠭᠡ ᠤᠷᠤᠭᠤᠯᠤᠯᠲᠠ 24 ᠳ᠋ᠦᠩᠰᠢᠭᠤᠷ ᠲᠦᠬᠦᠷᠢᠭ᠌ ᠲᠤ ᠬᠦᠷᠪᠠ᠃

    ᠭᠡᠷ᠎ᠠ ᠪᠠᠶᠢᠭᠤᠯᠤᠭᠰᠠᠨ ᠲᠦᠰᠦᠯ ᠳᠤ ᠭᠤᠤᠯᠳᠠᠭᠤ ᠰᠤᠶᠤᠯ ᠤᠷᠠᠯᠢᠭ ᠤᠨ ᠲᠤᠭᠯᠠᠯᠲᠠ᠂ ᠰᠤᠶᠤᠯ ᠲ᠋ᠸᠭ᠍ᠨᠤᠯᠤᠭᠢ᠂ ᠰᠤᠶᠤᠯ ᠵᠢᠭᠤᠯᠴᠢᠯᠠᠯ᠂ ᠰᠤᠶᠤᠯ ᠵᠤᠭ᠎ᠠ ᠴᠡᠩᠭᠡᠯ᠂ ᠰᠤᠶᠤᠯ ᠤᠷᠠᠯᠢᠭ᠂ ᠬᠡᠪᠯᠡᠯ ᠤᠨ ᠦᠢᠯᠡᠴᠢᠯᠡᠭᠡ᠂ ᠰᠤᠶᠤᠯ ᠤᠨ ᠰᠢᠨ᠎ᠠ ᠡᠭᠦᠳᠦᠯᠲᠡ᠂ ᠰᠤᠶᠤᠯ ᠰᠤᠷᠠᠭ ᠵᠠᠩᠭᠢ ᠶᠢᠨ ᠦᠢᠯᠡᠴᠢᠯᠡᠭᠡ᠂ ᠺᠢᠨᠤ᠋ ᠲᠸᠯᠸᠢᠰ ᠬᠢᠬᠦ ᠰᠤᠶᠤᠯ ᠰᠤᠷᠠᠭ ᠵᠠᠩᠭᠢ ᠳᠠᠮᠵᠢᠭᠤᠯᠬᠤ ᠵᠡᠷᠭᠡ ᠤᠯᠠᠨ ᠬᠦᠷᠢᠶ᠎ᠠ ᠴᠠᠷᠠᠭ᠎ᠠ ᠶᠢ ᠬᠠᠮᠤᠷᠪᠠ᠃ ᠭᠡᠷ᠎ᠠ ᠪᠠᠶᠢᠭᠤᠯᠬᠤ ᠶᠤᠰᠤᠯᠠᠯ ᠤᠨ ᠦᠶ᠎ᠡ ᠪᠡᠷ ᠦᠪᠦᠷ ᠮᠣᠩᠭᠣᠯ ᠤᠨ 12 ᠠᠶᠢᠮᠠᠭ ᠬᠤᠲᠠ ᠪᠤᠯᠤᠨ ᠬᠠᠮᠢᠶ᠎᠎ᠠ ᠪᠦᠬᠦᠢ ᠰᠠᠯᠠᠭ᠎ᠠ ᠮᠦᠴᠢᠷ ᠤᠨ ᠬᠢᠨ ᠰᠤᠶᠤᠯ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠵᠤᠬᠢᠶᠠᠨ ᠪᠠᠶᠢᠭᠤᠯᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121842311