蒙古文网站Logo
ᠰᠢᠨᠬᠤᠸᠠ ᠮᠤᠩᠭ᠋ᠤᠯ ᠨᠧᠲ

ᠤᠷᠤᠨ ᠳᠠᠶᠠᠭᠠᠷ ᠤᠨ ᠤᠳᠬ᠎ᠠ ᠤᠷᠠᠯᠢᠭ ᠵᠤᠬᠢᠶᠠᠨ ᠪᠦᠲᠦᠭᠡᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ

2017-10-25 14:38

    ᠲᠦᠪ ᠤᠨ ᠪᠤᠯᠤᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠪᠦᠲᠦᠭᠡᠨ ᠪᠠᠶᠢᠭᠤᠯᠤᠯᠲᠠ᠂ ᠤᠳᠬ᠎ᠠ ᠤᠷᠠᠯᠢᠭ ᠤᠨ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠵᠤ ᠨᠠᠶᠢᠳᠠᠪᠤᠷᠢᠵᠢᠭᠤᠯᠤᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠯᠢᠳᠡᠭ ᠤᠳᠬ᠎ᠠ ᠤᠷᠠᠯᠢᠭ ᠵᠤᠬᠢᠶᠠᠨ ᠪᠦᠲᠦᠭᠡᠬᠦ ᠰᠠᠭᠤᠷᠢᠨ ᠢ ᠪᠦᠲᠦᠭᠡᠨ ᠪᠠᠶᠢᠭᠤᠯᠬᠤ ᠲᠤᠷᠰᠢᠯᠭ᠎ᠠ ᠰᠤᠷᠭᠠᠮᠵᠢ ᠪᠡᠨ ᠰᠤᠯᠢᠯᠴᠠᠬᠤ ᠶᠢᠨ ᠲᠦᠯᠦᠭᠡ᠂ 10 ᠰᠠᠷ᠎ᠠ ᠶᠢᠨ 23 ᠡᠴᠡ 24 ᠤ ᠡᠳᠦᠷ ᠪᠤᠯᠲᠠᠯ᠎ᠠ ᠤᠷᠤᠨ ᠳᠠᠶᠠᠭᠠᠷ ᠤᠨ ᠤᠳᠬ᠎ᠠ ᠤᠷᠠᠯᠢᠭ ᠵᠤᠬᠢᠶᠠᠨ ᠪᠦᠲᠦᠭᠡᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠷᠳᠤᠰ ᠬᠤᠲᠠ ᠳᠤ ᠬᠤᠷᠠᠯᠳᠤᠪᠠ᠃

    ᠬᠤᠷᠠᠯ ᠤᠨ ᠬᠤᠭᠤᠴᠠᠭᠠᠨ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠵᠢᠴᠢ ᠠᠶᠢᠮᠠᠭ ᠬᠤᠲᠠ ᠶᠢᠨ ᠱᠠᠳᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠤᠳᠬ᠎ᠠ ᠤᠷᠠᠯᠢᠭ ᠵᠤᠬᠢᠶᠠᠨ ᠪᠦᠲᠦᠭᠡᠬᠦ ᠰᠠᠭᠤᠷᠢᠨ ᠤ ᠪᠦᠲᠦᠭᠡᠨ ᠪᠠᠶᠢᠭᠤᠯᠤᠯᠲᠠ᠂ ᠤᠳᠬ᠎ᠠ ᠤᠷᠠᠯᠢᠭ ᠵᠤᠬᠢᠶᠠᠨ ᠪᠦᠲᠦᠭᠡᠯᠲᠠ ᠶᠢ ᠠᠬᠢᠭᠤᠯᠬᠤ ᠪᠤᠯᠤᠨ ᠴᠢᠳᠠᠪᠤᠷᠢᠲᠠᠨ ᠬᠦᠮᠦᠵᠢᠭᠦᠯᠬᠦ᠂ ᠴᠢᠬᠤᠯᠠ ᠴᠠᠭ ᠦᠶ᠎ᠠ ᠳᠡᠬᠢ ᠭᠤᠤᠯᠳᠠᠯᠭ᠎ᠠ ᠲᠠᠢ ᠤᠳᠬ ᠠ ᠤᠷᠠᠯᠢᠭ ᠵᠤᠬᠢᠶᠠᠨ ᠪᠦᠲᠦᠭᠡᠬᠦ ᠠᠵᠢᠯᠯᠠᠭ᠎ᠠ ᠵᠤᠬᠢᠶᠠᠨ ᠪᠠᠶᠢᠭᠤᠯᠬᠤ ᠵᠡᠷᠭᠡ ᠰᠡᠳᠦᠪ ᠤᠨ ᠲᠤᠭᠤᠷᠢᠨ ᠳᠤ ᠶᠠᠷᠢᠯᠴᠠᠭ᠎ᠠ ᠦᠷᠨᠢᠭᠦᠯᠬᠦ ᠶᠢᠨ ᠬᠠᠮᠲᠤ ᠡᠵᠡᠨ ᠬᠤᠷᠤᠭ᠎ᠠ ᠬᠤᠰᠢᠭᠤ ᠪᠤᠯᠤᠨ ᠳᠠᠯᠠᠳ ᠬᠤᠰᠢᠭᠤᠨ ᠤ ᠤᠳᠬ᠎ᠠ ᠤᠷᠠᠯᠢᠬ ᠵᠤᠬᠢᠶᠠᠨ ᠪᠦᠲᠦᠭᠡᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠠᠵᠠᠷ ᠳᠡᠭᠡᠷ᠎ᠠ ᠨᠢ ᠬᠦᠷᠴᠤ ᠤᠶᠢᠯᠠᠭᠠᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠬᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121854026