蒙古文网站Logo
ᠰᠢᠨᠬᠤᠸᠠ ᠮᠤᠩᠭ᠋ᠤᠯ ᠨᠧᠲ

《ᠪᠸᠯᠤᠷᠦ᠋ᠰ ᠤᠨ ᠤᠷᠠᠨ ᠵᠢᠷᠤᠭ ᠤᠨ ᠤᠷᠳᠤᠨ ᠤ ᠦᠨᠡᠲᠤ ᠬᠠᠳᠠᠭᠠᠯᠠᠮᠵᠢ ᠶᠢᠨ ᠦᠵᠡᠰᠭᠦᠯᠡᠩ》 ᠳᠤᠮᠳᠠᠳᠤ ᠶᠢᠨ ᠤᠷᠠᠨ ᠵᠢᠷᠤᠭ ᠤᠨ ᠤᠷᠳᠤᠨ ᠳᠤ ᠪᠤᠯᠪᠠ

2017-10-25 18:48

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠵᠸᠤ ᠸᠸᠢ) ᠪᠸᠯᠤᠷᠦ᠋ᠰ ᠤᠯᠤᠰ ᠪᠤᠯᠤᠨ ᠳᠤᠮᠳᠠᠳᠤ ᠤᠯᠤᠰ ᠭᠠᠳᠠᠭᠠᠲᠤ ᠬᠠᠷᠢᠯᠴᠠᠭ᠎ᠠ ᠪᠠᠶᠢᠭᠤᠯᠤᠭᠰᠠᠨ 25 ᠵᠢᠯ ᠤᠨ ᠤᠢ ᠶᠢ ᠲᠤᠬᠢᠶᠠᠯᠳᠤᠭᠤᠯᠤᠨ᠂ ᠳᠤᠮᠳᠠᠳᠤ ᠤᠯᠤᠰ ᠤᠨ ᠤᠷᠠᠨ ᠵᠢᠷᠤᠭ ᠤᠨ ᠤᠷᠳᠤᠨ ᠪᠸᠯᠤᠷᠦ᠋ᠰ ᠤᠯᠤᠰ ᠤᠨ ᠤᠷᠠᠨ ᠵᠢᠷᠤᠭ ᠤᠨ ᠤᠷᠳᠤᠨ ᠲᠠᠢ ᠬᠠᠮᠲᠤᠷᠠᠨ《ᠪᠸᠯᠤᠷᠦ᠋ᠰ ᠤᠨ ᠤᠷᠠᠨ ᠵᠢᠷᠤᠭ ᠤᠨ ᠤᠷᠳᠤᠨ ᠤ ᠦᠨᠡᠲᠤ ᠬᠠᠳᠠᠭᠠᠯᠠᠮᠵᠢ ᠶᠢᠨ ᠦᠵᠡᠰᠭᠦᠯᠡᠩ》 ᠢ᠋ ᠰᠠᠨᠠᠭᠠᠴᠢᠯᠠᠨ᠂ ᠲᠦᠷᠦᠭᠦᠭᠡᠨ ᠳᠤᠮᠳᠠᠳᠤ ᠤᠯᠤᠰ ᠤᠨ ᠤᠷᠠᠨ ᠵᠢᠷᠤᠭ ᠤᠨ ᠤᠷᠳᠤᠨ ᠳᠤ ᠵᠤᠬᠢᠶᠠᠨ ᠪᠠᠶᠢᠭᠤᠯᠵᠠᠢ᠃

    ᠲᠤᠰ ᠤᠳᠠᠭᠠᠨ ᠤ ᠦᠵᠡᠰᠭᠦᠯᠡᠩ ᠢ ᠬᠤᠶᠠᠷ ᠵᠢᠯ ᠤᠨ ᠬᠤᠭᠤᠴᠠᠭ᠎ᠠ ᠵᠠᠷᠤᠴᠠᠭᠤᠯᠤᠨ ᠪᠡᠯᠡᠳᠭᠡᠵᠤ᠂ ᠠᠩᠬ᠎ᠠ ᠤᠳᠠᠭ᠎ᠠ ᠪᠸᠯᠤᠷᠦ᠋ᠰ ᠤᠯᠤᠰ ᠤᠨ ᠤᠷᠠᠨ ᠵᠢᠷᠤᠭ ᠤᠨ ᠤᠷᠳᠤᠨ ᠤ ᠦᠨᠡᠲᠤ ᠬᠠᠳᠠᠭᠠᠯᠠᠮᠵᠢ ᠶᠢ ᠳᠤᠮᠳᠠᠳᠤ ᠤᠯᠤᠰ ᠤᠨ ᠤᠷᠠᠨ ᠵᠢᠷᠤᠭ ᠤᠨ ᠦᠵᠡᠰᠭᠦᠯᠡᠩ ᠢᠶᠡᠷ ᠳᠡᠯᠭᠡᠭ᠍ᠰᠡᠨ ᠶᠤᠮ᠃ ᠦᠵᠡᠰᠭᠦᠯᠡᠩ ᠤᠨ ᠪᠦᠲᠦᠭᠡᠯ ᠨᠢ 19 ᠳ᠋ᠤᠭᠠᠷ ᠵᠠᠭᠤᠨ ᠡᠴᠡ ᠨᠠᠰᠢᠬᠢ ᠴᠠᠭ ᠦᠶ ᠎ᠠ ᠶᠢ ᠠᠯᠭᠠᠰᠠᠨ᠂ ᠬᠦᠷᠦᠭ ᠵᠢᠷᠤᠭ᠂ ᠦᠵᠡᠮᠵᠢ ᠶᠢᠨ ᠵᠢᠷᠤᠭ᠂ ᠲᠤᠭᠲᠠᠮᠠᠯ ᠪᠤᠳᠠᠰ ᠤᠨ ᠵᠢᠷᠤᠭ᠂ ᠵᠠᠩ ᠦᠢᠯᠡ ᠤᠨ ᠵᠢᠷᠤᠭ ᠵᠡᠷᠭᠡ ᠲᠦᠷᠦᠯ ᠬᠡᠯᠪᠡᠷᠢ ᠶᠢᠨ ᠪᠸᠯᠤᠷᠦ᠋ᠰ ᠤᠨ ᠤᠷᠠᠨ ᠵᠢᠷᠤᠭ ᠤᠨ ᠤᠷᠳᠤᠨ ᠤ 75 ᠦᠨᠡᠲᠤ ᠬᠠᠳᠠᠭᠠᠯᠠᠮᠵᠢ ᠶᠢ ᠳᠡᠯᠭᠡᠵᠠᠢ᠃ ᠠᠳᠠᠯᠢ ᠪᠤᠰᠤ ᠲᠡᠤᠬᠡ ᠶᠢᠨ ᠴᠠᠭ ᠦᠶ᠎ᠠ᠂ ᠠᠳᠠᠯᠢ ᠪᠤᠰᠤ ᠲᠦᠷᠦᠯ ᠤᠨ᠂ ᠠᠳᠠᠯᠢ ᠪᠤᠰᠤ ᠬᠡᠪ ᠮᠠᠶ᠊ᠢᠭ ᠤᠨ ᠪᠦᠲᠦᠭᠡᠯ ᠤᠳ ᠪᠸᠯᠤᠷᠦ᠋ᠰ ᠤᠨ ᠤᠷᠠᠨ ᠵᠢᠷᠤᠭ ᠤᠨ ᠬᠦᠭ᠍ᠵᠢᠯᠲᠠ ᠶᠢᠨ ᠶᠠᠪᠤᠴᠠ ᠶᠢ ᠲᠤᠳᠤᠷᠬᠠᠢ ᠬᠠᠷᠠᠭᠤᠯᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121855954