蒙古文网站Logo
ᠰᠢᠨᠬᠤᠸᠠ ᠮᠤᠩᠭ᠋ᠤᠯ ᠨᠧᠲ

ᠬᠠᠭᠤᠴᠢᠨ ᠬᠡᠷᠡᠯ ᠵᠢᠷᠣᠭ ᠬᠠᠭᠣᠴᠢᠨ ᠣᠷᠠᠨ ᠵᠢᠷᠣᠭ ᠣᠷᠠᠨ ᠪᠢᠴᠢᠯᠭᠡ ᠵᠢᠨ ᠦᠵᠡᠬᠦᠯᠦᠯᠬᠡ ᠪᠤᠯᠵᠤ ᠪᠠᠢᠢᠨ᠎ᠠ

2017-10-30 17:31

    10 ᠰᠠᠷ᠎ᠠ ᠶᠢᠨ 24 ᠤ ᠡᠳᠦᠷ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠬᠦ - ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠪᠠ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠠᠢᠢᠭᠤᠯᠤᠭᠳᠠᠭᠰᠠᠨ 70 ᠵᠢᠯ ᠤᠨ ᠤᠢ ᠵᠢ ᠪᠠᠶᠠᠷᠯᠠᠨ ᠪᠡᠯᠭᠡᠯᠡᠬᠦ ᠬᠠᠭᠤᠴᠢᠨ ᠭᠡᠷᠡᠯ ᠵᠢᠷᠤᠭ᠂ ᠬᠠᠭᠤᠴᠢᠨ ᠵᠢᠷᠤᠭᠲᠤ ᠰᠡᠳᠭᠦᠯ᠂ ᠬᠠᠭᠤᠴᠢᠨ ᠤᠷᠠᠨ ᠵᠢᠷᠤᠭ ᠤᠷᠠᠨ ᠪᠢᠴᠢᠯᠭᠡ ᠵᠢᠨ ᠦᠵᠡᠭᠦᠯᠦᠯᠭᠡ》ᠪᠠᠶᠠᠨᠨᠠᠭᠤᠷ ᠬᠤᠲᠠ ᠶᠢᠨ ᠤᠷᠠᠨ ᠵᠢᠷᠤᠭ ᠤᠨ ᠤᠷᠳᠤᠨ ᠳᠤ ᠠᠯᠪᠠᠨ ᠶᠤᠰᠤᠭᠠᠷ ᠡᠬᠢᠯᠡᠪᠡ᠃ ᠲᠣᠰ ᠣᠳᠠᠭᠠᠨ ᠦ ᠦᠵᠡᠬᠦᠯᠦᠯᠬᠡ ᠵᠢ ᠦᠪᠦᠷ ᠮᠤᠩᠭ᠋ᠤᠯ ᠤᠨ ᠢᠷᠡᠭᠤ ᠠᠯᠲᠠᠷᠲᠤ ᠦᠢᠯᠡᠰ ᠢ ᠠᠬᠢᠭᠤᠯᠬᠤ ᠨᠡᠢᠢᠭᠡᠮᠯᠢᠭ᠌᠂ ᠲᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭᠠᠨ ᠤ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠵᠦᠪᠯᠡᠯ᠂ ᠦᠪᠦᠷ ᠮᠤᠩᠭ᠋ᠤᠯ ᠤᠨ ᠤᠯᠤᠰ ᠲᠦᠷᠦ ᠶᠢᠨ ᠵᠦᠪᠯᠡᠯᠭᠡᠨ ᠤ ᠤᠷᠠᠨ ᠪᠢᠴᠢᠯᠭᠡ ᠵᠢᠷᠤᠭ ᠤᠨ ᠬᠦᠷᠢᠶᠡᠯᠡᠩ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠡᠴᠡ ᠰᠠᠨᠠᠭᠠᠴᠢᠯᠠᠪᠠ᠃

    ᠣᠢᠢᠯᠠᠭᠠᠬᠰᠠᠨ ᠵᠢᠡᠷ᠂ ᠲᠤᠰ ᠤᠳᠠᠭᠠᠨ ᠤ ᠦᠵᠡᠭᠦᠯᠦᠯᠭᠡ ᠳᠤ 300 ᠰᠢᠬᠠᠮ ᠬᠠᠭᠤᠴᠢᠨ ᠭᠡᠷᠡᠯ ᠵᠢᠷᠤᠭ᠂ ᠬᠠᠭᠤᠴᠢᠨ ᠵᠢᠷᠤᠭᠲᠤ ᠰᠡᠳᠭᠦᠯ᠂ ᠬᠠᠭᠤᠴᠢᠨ ᠤᠷᠠᠨ ᠵᠢᠷᠤᠭ ᠪᠤᠯᠤᠨ ᠨᠡᠷᠡᠲᠦ ᠬᠦᠮᠦᠰ ᠤᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠲᠡᠯᠭᠡᠨ ᠦᠵᠡᠭᠦᠯᠵᠦ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 70 ᠵᠢᠯ ᠤᠨ ᠬᠦᠭ᠍ᠵᠢᠯᠲᠡ ᠬᠤᠪᠢᠷᠠᠯᠲᠠ ᠶᠢ ᠬᠠᠷᠠᠭᠤᠯᠪᠠ᠃ ᠲᠤᠰ ᠦᠵᠡᠭᠦᠯᠦᠯᠭᠡ 7 ᠡᠳᠦᠷ ᠦᠷᠭᠦᠯᠵᠢᠯᠡᠬᠦ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121879043