蒙古文网站Logo
ᠰᠢᠨᠬᠤᠸᠠ ᠮᠤᠩᠭ᠋ᠤᠯ ᠨᠧᠲ

ᠬᠦᠬᠡᠬᠤᠳᠠ·ᠮᠤᠩᠭ᠋ᠤᠯ ᠤᠯᠤᠰ ᠤᠨ ᠰᠤᠶᠤᠯ ᠤᠨ ᠭᠠᠷᠠᠭ ᠤᠨ ᠨᠡᠭᠡᠭᠡᠯᠳᠡ ᠵᠢᠨ ᠶᠤᠰᠤᠯᠠᠯ ᠶᠠᠪᠤᠭᠳᠠᠪᠠ

2017-11-01 12:02

    10 ᠰᠠᠷ᠎ᠠ ᠶᠢᠨ 31 ᠤ ᠡᠳᠤᠷ᠂ ᠬᠦᠬᠡᠬᠤᠳᠠ·ᠮᠤᠩᠭ᠋ᠤᠯ ᠤᠯᠤᠰ ᠤᠨ ᠰᠤᠶᠤᠯ ᠤᠨ ᠭᠠᠷᠠᠭ ᠤᠨ ᠨᠡᠭᠡᠭᠡᠯᠳᠡ ᠵᠢᠨ ᠶᠤᠰᠤᠯᠠᠯ ᠦᠪᠦᠷ ᠮᠤᠩᠭ᠋ᠤᠯ ᠤᠨ ᠮᠦᠽᠸᠢ ᠳᠤ ᠶᠠᠪᠤᠭᠳᠠᠪᠠ᠃

    ᠮᠤᠩᠭ᠋ᠤᠯ ᠤᠯᠤᠰ ᠤᠨ ᠰᠤᠷᠭᠠᠨ ᠬᠦᠮᠦᠵᠢᠯ ᠰᠤᠶᠤᠯ ᠰᠢᠨᠵᠢᠯᠡᠬᠦ ᠤᠬᠠᠭᠠᠨ ᠳᠠᠮᠢᠷ ᠤᠨ ᠶᠠᠮᠤᠨ ᠪ ᠳᠡᠳ᠋ ᠳᠠᠷᠤᠭ᠎ᠠ ᠤᠳᠬᠤᠨᠪᠠᠶᠠᠷ ᠶᠤᠰᠤᠯᠠᠯ ᠳᠤ ᠤᠷᠤᠯᠴᠠᠵᠤ ᠶᠠᠷᠢᠶ᠎ᠠ ᠳᠠᠯᠪᠢᠪᠠ᠃ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠪ ᠨᠠᠮ ᠤᠨ ᠬᠤᠷᠢᠶ᠎ᠠ ᠵᠢᠨ ᠪᠠᠢᠢᠩᠭ᠋ᠤ ᠵᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ ᠶᠤᠰᠤᠯᠠᠯ ᠳᠤ ᠤᠷᠤᠯᠴᠠᠵᠤ ᠶᠠᠷᠢᠶ᠎ᠠ ᠳᠠᠯᠪᠢᠪᠠ᠃

    ᠤᠳᠬᠤᠨᠪᠠᠶᠠᠷ ᠶᠠᠷᠢᠶᠠᠨ ᠳ᠋ᠠᠭᠠᠨ᠂ ᠳᠤᠮᠳᠠᠳᠤ ᠮᠤᠩᠭ᠋ᠤᠯ ᠬᠤᠶᠠᠷ ᠤᠯᠤᠰ ᠠᠭᠤᠯᠠ ᠤᠰᠤ ᠪᠠᠷ ᠵᠢᠨᠨ ᠵᠠᠯᠭᠠᠯᠳᠤᠵᠤ᠂ ᠰᠤᠶᠤᠯ ᠤᠨ ᠤᠯᠠᠮᠵᠢᠯᠠᠯ ᠤᠢᠢᠷᠠᠯᠴᠠᠭ᠎ᠠ᠂ ᠬᠦᠮᠦᠰ ᠤᠨ ᠬᠠᠷᠢᠯᠴᠠᠭ᠎ᠠ ᠳᠤᠳᠤᠨᠤ ᠪᠠᠢᠢᠵᠤ᠂ ᠬᠠᠮᠳᠤᠷᠠᠯᠴᠠᠭ᠎ᠠ ᠵᠢᠨ ᠳᠡᠦᠭᠡ ᠤᠷᠳᠤ ᠤᠳᠠᠭᠠᠨ ᠪᠠᠢᠢᠳᠠᠭ᠃ ᠤᠨᠴᠠᠭᠠᠢᠢᠯᠠᠨ ᠤᠢᠢᠷ᠎ᠠ ᠵᠢᠨ ᠬᠡᠳᠦᠨ ᠵᠢᠯ ᠳᠤ ᠰᠢ ᠵᠢᠨ ᠫᠢᠩ ᠳᠡᠷᠢᠭᠦᠯᠡᠭᠴᠢ ᠵᠢᠨ ᠲᠤᠷᠠᠳᠤᠭᠰᠠᠨ《ᠨᠢᠭᠡ ᠪᠦᠰᠡ ᠨᠢᠭᠡ ᠵᠠᠮ》 ᠤ᠋ᠨ ᠰᠠᠨᠠᠭᠠᠴᠢᠯᠠᠭ᠎ᠠ ᠲᠤᠤᠷ᠎ᠠ᠂ ᠳᠤᠮᠳᠠᠳᠤ ᠮᠤᠩᠭ᠋ᠤᠯ ᠬᠤᠶᠠᠷ ᠤᠯᠤᠰ ᠤᠨ ᠡᠯ᠎ᠠ ᠬᠦᠷᠢᠶ᠎ᠠ ᠴᠠᠷᠠᠭᠠᠨ ᠳ᠋ᠡᠬᠢ ᠬᠠᠮᠳᠤᠷᠠᠯᠴᠠᠭ᠎ᠠ ᠲᠦᠷᠭᠡᠨ ᠬᠦᠭ᠍ᠵᠢᠪᠡ᠃ ᠲᠤᠰ ᠤᠳᠠᠭᠠᠨ ᠤ ᠰᠤᠶᠤᠯ ᠤᠨ ᠭᠠᠷᠠᠭ ᠲᠤ ᠳᠤᠮᠳᠠᠳᠤ ᠵᠢᠨ ᠦᠵᠡᠭᠴᠢᠳ 《ᠦᠨᠦᠳᠦᠷ ᠤᠨ ᠮᠤᠩᠭ᠋ᠤᠯ ᠤᠯᠤᠰ》ᠬᠡᠬᠦ ᠬᠡᠷᠡᠯ ᠵᠢᠷᠤᠭ ᠤᠨ ᠦᠵᠡᠰᠬᠦᠯᠡᠡᠭ ᠵᠢᠴᠢ ᠰᠤᠳᠤᠨ ᠵᠦᠴᠦᠭᠡ ᠨᠤᠭᠦᠳ ᠢ ᠰᠤᠨᠢᠷᠬᠠᠵᠤ᠂ ᠰᠤᠶᠤᠯ ᠤᠨ ᠰᠤᠯᠢᠯᠴᠠᠭ᠎ᠠ ᠪᠡᠷ ᠳᠠᠮᠵᠢᠭᠤᠯᠵᠤ ᠳᠤᠮᠳᠠᠳᠤ ᠮᠤᠩᠭ᠋ᠤᠯ ᠬᠤᠶᠠᠷ ᠤᠯᠤᠰ ᠤᠨ ᠨᠦᠬᠦᠷᠯᠡᠯ ᠢ ᠤᠯᠠᠮ ᠪᠠᠳᠤᠳᠬᠠᠬᠤ ᠵᠢ ᠬᠦᠰᠡᠵᠤ ᠪᠠᠢᠢᠨ᠎ᠠ ᠬᠡᠪᠡ᠃

    ᠪᠠᠢ ᠢᠦᠢ ᠭᠠᠩ ᠶᠠᠷᠢᠶᠠᠨ ᠳ᠋ᠠᠭᠠᠨ᠂ ᠳᠤᠮᠳᠠᠳᠤ ᠮᠤᠩᠭ᠋ᠤᠯ ᠬᠤᠶᠠᠷ ᠤᠯᠤᠰ ᠪᠤᠯ ᠬᠦᠷᠰᠢ ᠵᠡᠷᠭᠡᠯᠡᠳᠡᠭᠡ ᠨᠦᠬᠦᠷᠰᠡᠭ ᠤᠯᠤᠰ ᠮᠦᠨ᠃ ᠤᠶᠢᠷ᠎ᠠ ᠶᠢᠨ ᠵᠢᠯ ᠳᠤ ᠬᠤᠶᠠᠷ ᠳᠠᠯ᠎ᠠ ᠪᠡᠷ ᠢᠶᠡᠨ ᠰᠤᠶᠤᠯ ᠤᠨ ᠭᠠᠷᠠᠭ ᠤᠨ ᠠᠵᠢᠯᠯᠠᠭ᠎ᠠ ᠮᠡᠳᠦ ᠵᠢᠨ ᠤᠯᠠᠨ ᠠᠭᠤᠯᠭ᠎ᠠ ᠬᠡᠯᠪᠡᠷᠢ ᠵᠢᠨ ᠰᠤᠶᠤᠯ ᠤᠨ ᠠᠵᠢᠯᠯᠠᠭ᠎ᠠ ᠵᠢ ᠬᠠᠮᠳᠤᠪᠠᠷ ᠦᠷᠨᠢᠭᠦᠯᠵᠤ᠂ ᠬᠤᠶᠠᠷ ᠤᠯᠤᠰ ᠤᠨ ᠠᠷᠠᠳ ᠲᠦᠮᠡᠨ ᠪ ᠤᠯᠠᠮᠵᠢᠯᠠᠯᠳᠤ ᠨᠦᠬᠦᠷᠯᠡᠯ ᠢ ᠵᠤᠵᠠᠭᠠᠳᠬᠠᠭᠰᠠᠨ ᠪᠠᠢᠢᠨ᠎ᠠ᠃ ᠲᠤᠰ ᠤᠳᠠᠭᠠᠨ ᠤ ᠬᠦᠬᠡᠬᠤᠳᠠ·ᠮᠤᠩᠭ᠋ᠤᠯ ᠤᠯᠤᠰ ᠤᠨ ᠰᠤᠶᠤᠯ ᠤᠨ ᠭᠠᠷᠠᠭ ᠨᠢ ᠠᠭᠤᠯᠭ᠎ᠠ ᠪᠡᠷ ᠡᠯᠪᠡᠭ᠌᠂ ᠲᠦᠯᠦᠭᠡᠯᠡᠭᠴᠢ ᠴᠢᠨᠠᠷ ᠢᠶᠡᠷ ᠴᠢᠩᠭ᠋᠎ᠠ ᠪᠠᠢᠢᠵᠤ᠂ ᠬᠤᠶᠠᠷ ᠤᠯᠤᠰ ᠤᠨ ᠠᠷᠠᠳ ᠲᠦᠮᠡᠨ ᠪ ᠬᠠᠷᠢᠯᠴᠠᠨ ᠤᠢᠢᠯᠠᠭᠠᠯᠴᠠᠯ ᠪᠠ ᠨᠦᠬᠦᠷᠯᠡᠯ ᠢ ᠠᠬᠢᠭᠤᠯᠵᠤ᠂ ᠬᠤᠶᠠᠷ ᠤᠯᠤᠰ ᠤᠨ ᠡᠯ ᠠ ᠬᠦᠷᠢᠶ᠎ᠠ ᠴᠠᠷᠠᠭᠠᠨ ᠳ᠋ᠡᠬᠢ ᠰᠤᠯᠢᠯᠴᠠᠭ᠎ᠠ ᠬᠠᠮᠳᠤᠷᠠᠯᠴᠠᠭ᠎ᠠ ᠵᠢ ᠬᠦᠨᠵᠡᠭᠡᠢᠢᠷᠡᠭᠦᠯᠬᠦ ᠨᠢ ᠳᠠᠮᠵᠢᠭ ᠦᠭᠡᠢ ᠶᠤᠮ᠃ ᠬᠤᠶᠠᠷ ᠳᠠᠯ᠎ᠠ ᠪᠡᠷ ᠢᠶᠡᠨ ᠰᠤᠶᠤᠯ ᠤᠨ ᠰᠤᠯᠢᠯᠴᠠᠭ᠎ᠠ ᠪᠠ ᠬᠠᠮᠳᠤᠷᠠᠯᠴᠠᠭ᠎ᠠ ᠪᠠᠨ ᠴᠢᠨᠠᠬᠰᠢᠳᠠ ᠴᠢᠩᠭ᠋ᠠᠳᠬᠠᠨ᠂ ᠰᠤᠯᠢᠯᠴᠠᠭ᠎ᠠ ᠬᠠᠮᠳᠤᠷᠠᠯᠴᠠᠭ᠎ᠠ ᠵᠢᠨ ᠠᠭᠤᠯᠭ᠎ᠠ ᠬᠡᠯᠪᠡᠷᠢ ᠪᠠᠨ ᠳᠠᠰᠤᠷᠠᠯᠳᠠ ᠦᠭᠡᠢ ᠡᠯᠪᠡᠭ᠍ᠵᠢᠭᠦᠯᠵᠤ᠂ ᠰᠤᠯᠢᠯᠴᠠᠭ᠎ᠠ ᠬᠠᠮᠳᠤᠷᠠᠯᠴᠠᠭ᠎ᠠ ᠵᠢᠨ ᠬᠦᠷᠢᠶ᠎ᠠ ᠴᠠᠷᠠᠭ᠎ᠠ ᠬᠢᠬᠡᠳ ᠬᠦᠷᠢᠶ᠎ᠠ ᠬᠡᠪᠴᠢᠶ᠎ᠠ ᠪᠠᠨ ᠦᠷᠬᠡᠳᠭᠡᠨ᠂ ᠰᠤᠯᠢᠯᠴᠠᠭ᠎ᠠ ᠬᠠᠮᠳᠤᠷᠠᠯᠴᠠᠭ᠎ᠠ ᠵᠢᠨ ᠳᠡᠰ ᠳᠠᠪᠬᠤᠷᠭ᠎ᠠ ᠬᠢᠬᠡᠳ ᠬᠢᠷᠢ ᠲᠦᠪᠰᠢᠨ ᠢᠶᠡᠨ ᠬᠦᠨᠵᠡᠭᠡᠢᠢᠷᠡᠭᠦᠯᠦᠨ᠂ ᠰᠤᠶᠤᠯ ᠢᠶᠡᠷ ᠠᠷᠠᠳ ᠤᠨ ᠰᠡᠳᠬᠢᠯ ᠢ ᠬᠤᠯᠪᠤᠬᠤ ᠬᠦᠬᠦᠷᠭᠡ ᠪᠠᠢᠢᠭᠤᠯᠵᠤ᠂ ᠳᠤᠮᠳᠠᠳᠤ ᠮᠤᠩᠭ᠋ᠤᠯ ᠬᠤᠶᠠᠷ ᠤᠯᠤᠰ ᠤᠨ ᠡᠯ᠎ᠠ ᠬᠦᠷᠢᠶ᠎ᠠ ᠴᠠᠷᠠᠭᠠᠨ ᠤ ᠰᠤᠯᠢᠯᠴᠠᠭ᠎ᠠ ᠬᠠᠮᠳᠤᠷᠠᠯᠴᠠᠭ᠎ᠠ ᠵᠢ ᠠᠬᠢᠭᠤᠯᠵᠤ᠂ ᠬᠠᠮᠳᠤᠪᠠᠷ ᠬᠦᠭ᠍ᠵᠢᠵᠤ᠂ ᠬᠠᠮᠳᠤᠪᠠᠷ ᠰᠠᠢᠢᠨ ᠰᠠᠢᠢᠬᠠᠨ ᠢᠷᠡᠭᠡᠳᠦᠢ ᠪᠠᠨ ᠪᠠᠢᠢᠭᠤᠯᠤᠶ᠎ᠠ ᠬᠡᠪᠡ᠃

    ᠰᠤᠶᠤᠯ ᠤᠨ ᠭᠠᠷᠠᠭ ᠤᠨ ᠠᠵᠢᠯᠯᠠᠭ᠎ᠠ ᠢᠢ ᠮᠤᠩᠭ᠋ᠤᠯ ᠤᠯᠤᠰ ᠤᠨ ᠰᠤᠷᠭᠠᠨ ᠬᠦᠮᠦᠵᠢᠯ ᠰᠤᠶᠤᠯ ᠰᠢᠨᠵᠢᠯᠡᠬᠦ ᠤᠬᠠᠭᠠᠨ ᠳᠠᠮᠢᠷ ᠤᠨ ᠶᠠᠮᠤᠨ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠪ ᠠᠷᠠᠳ ᠤᠨ ᠵᠠᠰᠠᠭ ᠤᠨ ᠤᠷᠳᠤᠨ ᠪ ᠰᠤᠨᠢᠨ ᠮᠡᠳᠡᠭᠡᠨ ᠤ ᠠᠯᠪᠠᠨ ᠡᠴᠡ ᠰᠠᠨᠠᠭᠠᠴᠢᠯᠠᠵᠤ᠂ ᠮᠤᠩᠭ᠋ᠤᠯ ᠤᠯᠤᠰ ᠤᠨ ᠰᠤᠶᠤᠯ ᠤᠷᠠᠯᠢᠭ ᠤᠨ ᠠᠵᠢᠯᠳᠠᠳ ᠤᠨ ᠨᠡᠢᠢᠬᠡᠮᠯᠢᠭ᠌᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠪ ᠭᠠᠳᠠᠭᠠᠳᠤ ᠯᠤᠭ᠎ᠠ ᠵᠢᠨ ᠰᠤᠶᠤᠯ ᠤᠨ ᠰᠤᠯᠢᠯᠴᠠᠭᠠᠨ ᠤ ᠨᠡᠢᠢᠬᠡᠮᠯᠢᠭ᠌ ᠡᠴᠡ ᠵᠤᠬᠢᠶᠠᠨ ᠪᠠᠶᠢᠭᠤᠯᠵᠤ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠪ ᠦᠨᠳᠦᠰᠦᠲᠡᠨ ᠪ ᠤᠷᠠᠯᠢᠭ ᠵᠦᠴᠦᠭᠡ ᠵᠢᠨ ᠬᠦᠷᠢᠶᠡᠯᠡᠩ᠂ ᠦᠪᠦᠷ ᠮᠤᠩᠭ᠋ᠤᠯ ᠤᠨ ᠮᠦᠽᠸᠢ ᠬᠠᠮᠵᠢᠨ ᠡᠷᠬᠢᠯᠡᠵᠠᠢ᠃ ᠮᠤᠩᠭ᠋ᠤᠯ ᠤᠯᠤᠰ ᠡᠴᠡ ᠳᠤᠮᠳᠠᠳᠤ ᠤᠯᠤᠰ ᠲᠤ ᠰᠠᠭᠤᠭ᠎ᠠ ᠶᠡᠷᠦᠩᠭᠡᠢ ᠺᠤᠨᠰᠦ᠋ᠯ᠂ ᠮᠤᠩᠭ᠋ᠤᠯ ᠤᠯᠤᠰ ᠤᠨ ᠰᠤᠶᠤᠯ ᠤᠷᠠᠯᠢᠭ ᠤᠨ ᠠᠵᠢᠯᠳᠠᠳ ᠤᠨ ᠨᠡᠢᠢᠬᠡᠮᠯᠢᠭ᠌ ᠤᠨ ᠬᠠᠮᠢᠶ᠎ᠠ ᠪᠦᠬᠦᠢ ᠬᠦᠮᠦᠰ ᠨᠡᠭᠡᠭᠡᠯᠳᠡ ᠵᠢᠨ ᠶᠤᠰᠤᠯᠠᠯ ᠳᠤ ᠤᠷᠤᠯᠴᠠᠪᠠ᠃

    ᠶᠤᠰᠤᠯᠠᠯ ᠤᠨ ᠳᠠᠷᠠᠭ᠎ᠠ ᠮᠤᠩᠭ᠋ᠤᠯ ᠤᠯᠤᠰ ᠤᠨ ᠰᠤᠶᠤᠯ ᠤᠨ ᠲᠦᠯᠦᠭᠡᠯᠡᠭᠴᠢᠳ ᠤᠨ ᠪᠦᠯᠭᠦᠮ ᠬᠢᠬᠡᠳ ᠦᠪᠦᠷ ᠮᠤᠩᠭ᠋ᠤᠯ ᠤᠨ ᠬᠠᠮᠢᠶ᠎ᠠ ᠪᠦᠬᠦᠢ ᠳᠠᠯ᠎ᠠ ᠵᠢᠨ ᠲᠦᠯᠦᠭᠡᠯᠡᠭᠴᠢᠳ ᠬᠠᠮᠳᠤᠪᠠᠷ ᠦᠪᠦᠷ ᠮᠤᠩᠭ᠋ᠤᠯ ᠤᠨ ᠮᠦᠽᠸᠢ ᠳᠤ《ᠦᠨᠦᠳᠦᠷ ᠤᠨ ᠮᠤᠩᠭ᠋ᠤᠯ ᠤᠯᠤᠰ》ᠬᠡᠷᠡᠯ ᠵᠢᠷᠤᠭ ᠤᠨ ᠦᠵᠡᠰᠬᠦᠯᠡᠡᠭ ᠢ ᠰᠤᠨᠢᠷᠬᠠᠪᠠ᠃ ᠲᠤᠰ ᠤᠷᠤᠢ ᠨᠢ ᠳᠤᠮᠳᠠᠳᠤ ᠮᠤᠩᠭ᠋ᠤᠯ ᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠲᠦᠯᠦᠭᠡᠯᠡᠭᠴᠢᠳ ᠬᠦᠬᠡᠬᠤᠳᠠ ᠵᠢᠨ ᠦᠵᠡᠭᠴᠢ ᠤᠯᠠᠨ ᠳᠠᠢ ᠬᠠᠮᠳᠤᠪᠠᠷ ᠦᠪᠦᠷ ᠮᠤᠩᠭ᠋ᠤᠯ ᠤᠨ ᠦᠨᠳᠦᠰᠦᠲᠡᠨ ᠪ ᠤᠷᠠᠯᠢᠭ ᠵᠦᠴᠦᠭᠡ ᠵᠢᠨ ᠬᠦᠷᠢᠶᠡᠯᠡᠩ ᠳᠤ ᠶᠠᠷᠢᠶᠠᠳᠤ ᠵᠦᠴᠦᠭᠡ《ᠨᠠᠢᠢᠷ ᠤᠨ ᠰᠢᠷᠡᠭᠡᠨ ᠪ ᠤᠭᠤᠴᠠ》 ᠶ᠋ᠢ ᠰᠤᠨᠢᠷᠬᠠᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121889689