蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠤᠶᠠᠳᠤᠭᠠᠷ ᠬᠤᠭᠤᠴᠠᠭᠠᠨ ᠤ ᠴᠠᠢ ᠶᠢᠨ ᠤᠷ᠎ᠠ ᠮᠡᠷᠭᠡᠰᠢᠯ ᠤᠨ ᠤᠷᠤᠯᠳᠤᠭᠠᠨ ᠡᠬᠢᠯᠡᠪᠡ

2017-11-01 16:40

    10 ᠰᠠᠷ᠎ᠠ ᠶᠢᠨ 31 ᠤ ᠡᠳᠦᠷ ᠤᠨ ᠦᠳᠡ ᠡᠴᠡ ᠬᠤᠶᠢᠰᠢ᠂ ᠦᠪᠦᠷ ᠮᠣᠩᠭᠣᠯ ᠤᠨ ᠬᠤᠶᠠᠳᠤᠭᠠᠷ ᠬᠤᠭᠤᠴᠠᠭᠠᠨ ᠤ ᠴᠠᠢ ᠶᠢᠨ ᠤᠷ᠎ᠠ ᠮᠡᠷᠭᠡᠰᠢᠯ ᠤᠨ ᠤᠷᠤᠯᠳᠤᠭᠠᠨ ᠵᠢᠴᠢ ᠦᠪᠦᠷ ᠮᠣᠩᠭᠣᠯ ᠤᠨ ᠦᠢᠯᠡᠰ ᠪᠤᠰᠬᠠᠵᠤ ᠠᠵᠢᠯ ᠤᠯᠭᠤᠬᠤ ᠴᠠᠢ ᠶᠢᠨ ᠤᠷ᠎ᠠ ᠮᠡᠷᠭᠡᠰᠢᠯ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠤᠰᠤᠯᠠᠯ ᠬᠦᠬᠡᠬᠤᠲᠠ ᠳᠤ ᠶᠠᠪᠤᠭᠳᠠᠪᠠ᠃

    ᠲᠤᠰ ᠤᠳᠠᠭᠠᠨ ᠤ ᠠᠵᠢᠯᠯᠠᠭ᠎ᠠ ᠶᠢ ᠬᠦᠬᠡᠬᠤᠲᠠ ᠶᠢᠨ ᠬᠦᠮᠦᠨ ᠤ ᠨᠦᠬᠡᠴᠡ ᠪᠤᠯᠤᠨ ᠨᠡᠶᠢᠭᠡᠮ  ᠤᠨ ᠪᠠᠲᠤᠯᠠᠭ᠎ᠠ ᠶᠢᠨ ᠲᠦᠪᠴᠢᠶ᠎ᠠ ᠡᠴᠡ ᠰᠠᠨᠠᠭᠠᠴᠢᠯᠠᠵᠤ᠂ ᠦᠪᠦᠷ ᠮᠣᠩᠭᠣᠯ ᠤᠨ ᠴᠠᠢ ᠶᠢᠨ ᠤᠷ᠎ᠠ ᠮᠡᠷᠭᠡᠵᠢᠯᠲᠠᠨ ᠤ ᠨᠡᠶᠢᠭᠡᠮᠯᠢᠭ᠌ ᠪᠤᠯᠤᠨ ᠴᠠᠢ ᠦᠨᠡᠯᠡᠭᠴᠢᠳ ᠤᠨ ᠨᠡᠶᠢᠭᠡᠮᠯᠢᠭ᠌ ᠡᠴᠡ ᠬᠠᠮᠳᠤᠷᠠᠨ ᠵᠤᠬᠢᠶᠠᠨ ᠪᠠᠶᠢᠭᠤᠯᠪᠠ᠃ ᠡᠬᠢᠯᠡᠯᠲᠡ ᠶᠢᠨ ᠶᠤᠰᠤᠯᠠᠯ ᠳᠤ᠂ ᠤᠷᠤᠨ ᠳᠠᠶᠠᠭᠠᠷ ᠤᠨ ᠡᠯ᠎ᠠ ᠪᠦᠰᠡ ᠨᠤᠲᠤᠭ ᠡᠴᠡ ᠬᠦᠷᠦᠯᠴᠡᠨ ᠢᠷᠡᠭᠰᠡᠨ ᠴᠠᠢ ᠶᠢᠨ ᠰᠤᠶᠤᠯ ᠢᠶᠡᠷ ᠠᠵᠢᠯᠯᠠᠭᠰᠠᠳ ᠭᠤᠶᠢᠲᠠ ᠰᠠᠶᠢᠬᠠᠨ ᠲᠤᠭᠯᠠᠯᠲᠠ ᠭᠠᠷᠭᠠᠵᠤ ᠬᠤᠷᠠᠬᠰᠠᠨ ᠤᠯᠠᠨ ᠤ ᠨᠢᠳᠤ ᠶᠢ ᠬᠤᠵᠢᠷᠯᠠᠪᠠ᠃ ᠤᠶᠢᠯᠠᠭᠠᠭᠰᠠᠨ ᠢᠶᠡᠷ᠂ ᠲᠤᠰ ᠤᠳᠠᠭᠠᠨ ᠤ ᠤᠷᠤᠯᠳᠤᠭᠠᠨ ᠳᠤ ᠬᠦᠬᠡᠬᠤᠲᠠ᠂ ᠪᠤᠭᠤᠲᠤ᠂ ᠤᠯᠠᠭᠠᠨᠴᠠᠪ᠂ ᠪᠠᠶᠠᠨᠨᠠᠭᠤᠷ᠂ ᠦᠬᠠᠢ ᠵᠡᠷᠭᠡ ᠤᠷᠤᠨ ᠨᠤᠲᠤᠭ ᠤᠨ 60 ᠭᠠᠷᠤᠢ ᠬᠦᠮᠦᠰ ᠤᠷᠤᠯᠴᠠᠵᠤ᠂ ᠬᠠᠮᠤᠭ ᠤᠨ ᠵᠠᠯᠠᠭᠤ ᠨᠢ 17 ᠨᠠᠰᠤᠲᠠᠢ᠂ ᠬᠠᠮᠤᠭ ᠤᠨ ᠠᠬᠠᠮᠠᠳ ᠨᠢ 54 ᠨᠠᠰᠤᠲᠠᠢ ᠪᠠᠶᠢᠯ᠎ᠠ᠃ (ᠰᠤᠷᠪᠤᠯᠵᠢᠯᠠᠭᠴᠢ ᠸᠠᠩ ᠯᠸ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121891199