蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ ᠤᠨ ᠤᠯᠠᠭᠠᠨᠬᠠᠳᠠ ᠶᠢᠨ ᠰᠠᠨ ᠯᠦᠩ ᠳ᠋ᠦᠩ ᠠᠭᠤᠢ ᠠᠴᠠ ᠲᠠᠪᠤᠨ ᠲᠦᠮᠡᠨ ᠵᠢᠯ ᠤᠨ ᠡᠮᠦᠨᠡᠬᠢ ᠬᠠᠭᠤᠴᠢᠨ ᠴᠢᠯᠠᠭᠤᠨ ᠵᠡᠪᠰᠡᠭ ᠤᠨ ᠦᠯᠡᠳᠡᠭᠳᠡᠯ ᠢ ᠢᠯᠡᠷᠡᠭᠦᠯᠪᠡ

2017-11-01 16:46

    ᠲᠦᠷᠦᠭᠦᠬᠡᠨ ᠠᠷᠭᠢᠯᠤᠭᠢᠴᠢᠳ ᠤᠯᠠᠭᠠᠨᠬᠠᠳᠠ ᠶᠢᠨ ᠰᠠᠨ ᠯᠦᠩ ᠳ᠋ᠦᠩ ᠠᠭᠤᠢ ᠠᠴᠠ ᠲᠠᠪᠤᠨ ᠲᠦᠮᠡᠨ ᠵᠢᠯ ᠤᠨ ᠡᠮᠦᠨᠡᠬᠢ ᠬᠠᠭᠤᠴᠢᠨ ᠴᠢᠯᠠᠭᠤᠨ ᠵᠡᠪᠰᠡᠭ ᠤᠨ ᠦᠯᠡᠳᠡᠭᠳᠡᠯ ᠢ ᠢᠯᠡᠷᠡᠭᠦᠯᠪᠡ᠃ ᠲᠤᠰ ᠦᠯᠡᠳᠡᠭᠳᠡᠯ ᠨᠢ ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠪᠠᠶᠠᠡᠡᠦ᠋ᠨᠳᠥᠷ ᠰᠤᠮᠤ ᠶᠢᠨ ᠵᠢᠪᠡᠳᠥ ᠭᠠᠴᠠᠭ᠎ᠠ ᠶᠢᠨ ᠬᠤᠶᠢᠨ᠎ᠠ ᠪᠠᠶᠢᠭ᠎ᠠ ᠰᠠᠨ ᠯᠦᠩ ᠱᠠᠨ ᠠᠭᠤᠯᠠᠨ ᠳᠤ ᠪᠠᠶᠢᠪᠠ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠵᠥᠪᠰᠢᠶᠡᠷᠡᠯ ᠢᠶᠠᠷ ᠠᠷᠭᠢᠯᠤᠭᠢᠴᠢᠳ ᠰᠠᠨ ᠯᠦᠩ ᠳ᠋ᠦᠩ ᠠᠭᠤᠢ ᠶᠢᠨ ᠦᠯᠡᠳᠡᠭᠳᠡᠯ ᠢ ᠬᠠᠮᠲᠤᠷᠠᠨ ᠮᠠᠯᠲᠠᠵᠤ᠂ 20 ᠺᠦᠸᠠᠳ᠋ ᠮᠧᠲ᠋ᠷ ᠰᠢᠬᠠᠮ ᠭᠠᠵᠠᠷ ᠢ ᠴᠡᠪᠡᠷᠯᠡᠵᠠᠢ᠃

    ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠨ ᠮᠡᠳᠡᠭᠡᠯᠡᠯ ᠢ ᠦᠨᠳᠦᠰᠦᠯᠡᠪᠡᠯ᠂ ᠲᠣᠰ ᠤᠳᠠᠭᠠᠨ ᠤ ᠮᠠᠯᠲᠠᠵᠤ ᠭᠠᠷᠭᠠᠭᠰᠠᠨ ᠤᠯᠠᠭᠠᠨᠬᠠᠳᠠ ᠶᠢᠨ ᠰᠠᠨ ᠯᠦᠩ ᠳ᠋ᠦᠩ ᠠᠭᠤᠢ ᠶᠢᠨ ᠦᠯᠡᠳᠡᠭᠳᠡᠯ ᠤᠨ ᠳᠣᠲᠣᠷᠠᠬᠢ ᠴᠢᠯᠠᠭᠤᠨ ᠬᠡᠷᠡᠭᠰᠡᠯ ᠨᠢ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠳᠤᠮᠳᠠ᠂ ᠪᠠᠷᠠᠭᠤᠨ ᠬᠡᠰᠡᠭ ᠤᠨ ᠬᠠᠭᠤᠴᠢᠨ ᠴᠢᠯᠠᠭᠤᠨ ᠵᠡᠪᠰᠡᠭ ᠤᠨ ᠳᠤᠮᠳᠠᠴᠢ ᠦᠶ᠎ᠡ ᠶᠢᠨ ᠴᠢᠯᠠᠭᠤᠨ ᠬᠡᠷᠡᠭᠰᠡᠯ ᠤᠨ ᠨᠡᠶᠢᠯᠡᠯ ᠯᠤᠭᠡ ᠨᠡᠯᠢᠶᠡᠳ ᠲᠥᠰᠦᠬᠡᠲᠡᠶ ᠪᠤᠯᠪᠠᠴᠤ ᠳᠤᠮᠳᠠᠳᠤ ᠤᠯᠤᠰ ᠤᠨ ᠤᠮᠠᠷᠠᠲᠤ ᠣᠷᠣᠨ ᠤ ᠠᠳᠠᠯᠢ ᠴᠠᠭ ᠦᠶ᠎ᠡ ᠶᠢᠨ ᠦᠯᠡᠳᠡᠭᠳᠡᠯ  ᠯᠦᠭᠡ ᠨᠡᠯᠢᠶᠡᠳ ᠵᠥᠷᠢᠶ᠎ᠡ ᠲᠠᠢ᠃ ᠬᠠᠭᠤᠴᠢ ᠰᠤᠳᠤᠯᠤᠯ ᠤᠨ ᠰᠠᠯᠠᠭ᠎ᠠ ᠮᠥᠴᠢᠷ ᠤᠨ ᠬᠢᠨ ᠤ ᠠᠩᠬ᠎ᠠ ᠠᠯᠬᠤᠮ ᠤᠨ ᠦᠵᠡᠬᠦ ᠪᠠᠷ᠂ ᠲᠤᠰ ᠴᠢᠯᠠᠭᠤᠨ ᠬᠡᠷᠡᠭᠰᠡᠯ ᠤᠨ ᠨᠡᠶᠢᠯᠡᠯ ᠨᠢ ᠮᠡᠷᠭᠡᠵᠢᠯ ᠤᠨ ᠣᠨᠴᠠᠯᠢᠭ ᠢᠶᠠᠷ ᠲᠣᠳᠣᠷᠬᠠᠶ ᠬᠠᠭᠤᠴᠢᠨ ᠴᠢᠯᠠᠭᠤᠨ ᠵᠡᠪᠰᠡᠭ ᠤᠨ ᠳᠤᠮᠳᠠᠴᠢ ᠦᠶ᠎ᠡ ᠶᠢᠨ ᠨᠡᠶᠢᠯᠡᠯ ᠪᠣᠯᠤᠨ᠎ᠠ᠃ ᠰᠠᠨ ᠯᠦᠩ ᠳ᠋ᠦᠩ ᠠᠭᠤᠢ ᠶᠢᠨ ᠬᠠᠭᠤᠴᠢᠨ ᠴᠢᠯᠠᠭᠤᠨ ᠵᠡᠪᠰᠡᠭ ᠤᠨ ᠳᠤᠮᠳᠠᠴᠢ ᠦᠶ᠎ᠡ ᠶᠢᠨ ᠴᠢᠯᠠᠭᠤᠨ ᠬᠡᠷᠡᠭᠰᠡᠯ ᠤᠨ ᠨᠡᠶᠢᠯᠡᠯ ᠨᠢ ᠥᠪᠥᠷ ᠮᠣᠩᠭ᠋ᠤᠯ ᠤᠨ ᠵᠢᠩᠰᠡᠲᠡᠢ ᠶᠢᠨ ᠦᠯᠡᠳᠡᠭᠳᠡᠯ ᠂ ᠮᠣᠩᠭ᠋ᠤᠯ ᠤᠯᠤᠰ ᠤᠨ ᠭᠤᠪᠢ ᠣᠷᠣᠨ ᠤ ᠭᠠᠵᠠᠷ ᠤᠨ ᠭᠠᠳᠠᠷᠭᠤ  ᠠᠴᠠ ᠢᠯᠡᠷᠡᠭᠦᠯᠦᠭᠰᠡᠨ ᠬᠡᠰᠡᠭ ᠴᠢᠯᠠᠭᠤᠨ ᠬᠡᠷᠡᠭᠰᠡᠯ᠂ ᠰᠢᠪᠸᠷᠢᠶ᠎ᠠ ᠶᠢᠨ ᠠᠯᠲᠠᠶ ᠣᠷᠣᠨ ᠵᠡᠷᠭᠡ ᠶᠢᠨ ᠬᠠᠮᠢᠶ᠎ᠠ ᠪᠦᠬᠦᠢ ᠦᠯᠡᠳᠡᠭᠳᠡᠯ ᠯᠦᠭᠡ ᠨᠡᠯᠢᠶᠡᠳ ᠲᠥᠰᠦᠬᠡᠲᠡᠶ ᠪᠠᠶᠢᠵᠤ᠂ ᠵᠡᠭᠦᠨ ᠠᠽᠢᠶ᠎ᠠ ᠶᠢᠨ ᠬᠠᠭᠤᠴᠢᠨ ᠴᠢᠯᠠᠭᠤᠨ ᠵᠡᠪᠰᠡᠭ ᠤᠨ ᠳᠤᠮᠳᠠᠴᠢ ᠦᠶ᠎ᠡ ᠶᠢᠨ ᠮᠡᠷᠭᠡᠵᠢᠯ ᠤᠨ ᠲᠡᠦᠬᠡᠴᠢ ᠴᠢᠨᠠᠷᠲᠠᠢ ᠤᠯᠠᠷᠢᠯ ᠬᠤᠪᠢᠰᠤᠯ᠂ ᠪᠦᠰᠡ ᠨᠤᠲᠤᠭ ᠤᠨ ᠤᠯᠠᠨ ᠶᠠᠩᠵᠤ ᠵᠡᠷᠭᠡ ᠶᠢ ᠰᠤᠳᠤᠯᠬᠤ ᠳᠤ ᠴᠢᠬᠤᠯᠠ ᠪᠣᠷᠣ ᠮᠠᠲ᠋ᠸᠷᠢᠶᠠᠯ ᠬᠠᠩᠭ᠋ᠠᠭᠰᠠᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠬ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121891221