蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠶᠢᠯᠸᠴᠢᠨ ᠠᠷᠪᠠᠳᠤᠭᠠᠷ ᠬᠤᠭᠤᠴᠠᠭᠠᠨ ᠤ ᠱᠠᠩᠬᠠᠢ ᠶᠢᠨ ᠤᠯᠠᠨ ᠤᠯᠤᠰ ᠤᠨ ᠶᠢᠯᠸᠢ ᠶᠢᠨ ᠨᠠᠶᠢᠷ ᠳᠡᠭᠡᠷ᠎ᠠ ᠠᠯᠳᠠᠨ ᠮᠸᠳᠠᠯ ᠭᠠᠷᠳᠠᠪᠠ

2017-11-06 17:27

    ᠰᠡᠭᠦᠯ ᠤᠨ ᠦᠶ᠎ᠠ ᠳᠤ᠂ ᠰᠤᠷᠪᠤᠯᠵᠢᠯᠠᠭᠴᠢ ᠦᠪᠦᠷ ᠮᠣᠩᠭᠣᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠡᠴᠡ ᠤᠶᠢᠯᠠᠭᠠᠭᠰᠠᠨ ᠢᠶᠡᠷ᠂ ᠲᠤᠰ ᠬᠦᠷᠢᠶᠡᠯᠡᠩ ᠤᠨ ᠼᠢᠷᠺ ᠤᠨ ᠪᠠᠭ ᠤᠨ ᠶᠢᠯᠸᠴᠢᠨ ᠯᠢᠦ ᠺᠠᠢ ᠪᠢᠨ᠂ ᠸᠠᠩ ᠫᠢᠩ  ᠤᠨ ᠬᠠᠮᠲᠤᠷᠠᠨ ᠲᠤᠭᠯᠠᠭᠰᠠᠨ《ᠦᠵᠡᠰᠭᠦᠯᠡᠩᠲᠤ ᠰᠠᠶᠢᠬᠠᠨ ᠮᠢᠨᠦ ᠨᠤᠲᠤᠭ》ᠠᠷᠪᠠᠳᠤᠭᠠᠷ ᠬᠤᠭᠤᠴᠠᠭᠠᠨ ᠤ ᠱᠠᠩᠬᠠᠢ ᠶᠢᠨ ᠤᠯᠠᠨ ᠤᠯᠤᠰ ᠤᠨ ᠶᠢᠯᠸᠢ ᠶᠢᠨ ᠨᠠᠶᠢᠷ ᠤᠨ ᠲᠠᠶᠢᠰᠠᠨ ᠤ ᠰᠢᠨ᠎ᠠ ᠲᠤᠭᠯᠠᠭᠴᠢ ᠶᠢᠨ ᠤᠷᠤᠯᠳᠤᠭᠠᠨ ᠳᠤ ᠠᠯᠳᠠᠨ ᠮᠸᠳᠠᠯ ᠲᠤᠰᠪᠠ᠂ ᠡᠭᠦᠨ ᠤ ᠬᠠᠮᠲᠤ ᠳ᠋ᠠ ᠷᠦ᠋ ᠪᠤᠯᠤᠨ ᠯᠢᠨ ᠶᠢᠩ ᠵᠢᠩ ᠤᠨ ᠲᠤᠭᠯᠠᠭᠰᠠᠨ《ᠲᠠᠯ᠎ᠠ ᠶᠢᠨ ᠬᠡᠤᠬᠡᠳ》 ᠨᠢ ᠬᠦᠷᠡᠯ ᠮᠸᠳᠠᠯ ᠭᠠᠷᠳᠠᠬᠰᠠᠨ ᠪᠠᠶᠢᠨ᠎ᠠ᠃

    ᠤᠶᠢᠯᠠᠭᠠᠭᠰᠠᠨ ᠢᠶᠡᠷ᠂ ᠠᠷᠪᠠᠳᠤᠭᠠᠷ ᠬᠤᠭᠤᠴᠠᠭᠠᠨ ᠤ ᠱᠠᠩᠬᠠᠢ ᠶᠢᠨ ᠤᠯᠠᠨ ᠤᠯᠤᠰ ᠤᠨ ᠶᠢᠯᠸᠢ ᠶᠢᠨ ᠨᠠᠶᠢᠷ ᠨᠢ ᠲᠤᠭᠯᠠᠯᠲᠠ᠂ ᠤᠷᠤᠯᠳᠤᠭᠠᠨ᠂ ᠡᠷᠳᠡᠮ ᠰᠢᠨᠵᠢᠯᠡᠭᠡᠨ᠂ ᠬᠠᠯᠠᠮᠵᠢ ᠶᠢᠨ ᠠᠵᠢᠯᠯᠠᠭ᠎ᠠ᠂ ᠲᠤᠬᠯᠠᠯᠲᠠ ᠶᠢᠨ ᠬᠡᠷᠡᠭᠰᠡᠯ ᠤᠨ ᠦᠵᠡᠰᠭᠦᠯᠡᠩ ᠵᠢᠴᠢ ᠬᠡᠪᠯᠡᠯ ᠤᠨ ᠡᠷᠬᠡ ᠠᠷᠠᠯᠵᠢᠶᠠᠯᠠᠬᠤ ᠵᠡᠷᠭᠡ ᠲᠠᠪᠤᠨ ᠲᠤᠮᠤ ᠬᠡᠰᠡᠭ ᠢᠶᠡᠷ ᠪᠦᠷᠢᠯᠳᠤᠵᠠᠢ᠃ ᠨᠠᠶᠢᠷ ᠢᠶᠡᠷ ᠳᠡᠯᠡᠬᠡᠢ ᠶᠢᠨ ᠠᠯᠳᠠᠷᠲᠤ ᠶᠢᠯᠸᠴᠢᠨ ᠢ ᠤᠷᠢᠵᠤ ᠤᠳᠤᠬᠢ ᠳᠡᠯᠡᠬᠡᠢ ᠶᠢᠨ ᠬᠠᠮᠤᠭ ᠤᠨ ᠦᠨᠳᠦᠷ ᠬᠢᠷᠢ ᠲᠦᠪᠰᠢᠨ ᠲᠠᠢ ᠬᠠᠮᠤᠭ ᠤᠨ ᠰᠢᠨ᠎ᠠ ᠬᠦᠭ᠍ᠵᠢᠯᠲᠠ ᠶᠢᠨ ᠤᠷᠤᠰᠬᠠᠯ ᠪᠦᠬᠦᠢ ᠶᠢᠯᠸᠢ ᠶᠢᠨ ᠰᠢᠨ᠎ᠠ ᠪᠦᠲᠦᠭᠡᠯ ᠪᠤᠯᠤᠨ ᠰᠢᠯᠢᠳᠡᠭ ᠪᠦᠲᠦᠭᠡᠯ ᠤᠳ ᠢ ᠲᠤᠭᠯᠠᠭᠤᠯᠵᠤ ᠶᠢᠯᠸᠢ ᠶᠢᠨ ᠤᠷᠠᠯᠢᠭᠴᠢ ᠴᠢᠨᠠᠷ᠂ ᠵᠤᠭ᠎ᠠ ᠴᠡᠩᠭᠡᠭᠦᠨᠳᠤ ᠴᠢᠨᠠᠷ ᠪᠤᠯᠤᠨ ᠨᠢᠭᠤᠴᠠᠯᠢᠭ ᠴᠢᠨᠠᠷ ᠤᠨ ᠤᠨᠴᠠᠯᠢᠭ ᠢ ᠪᠦᠷᠢᠨ ᠭᠦᠢᠴᠡᠳ ᠢᠯᠡᠷᠡᠭᠦᠯᠦᠭᠰᠡᠨ ᠢᠶᠡᠷ ᠲᠤᠭᠯᠠᠯᠲᠠ ᠨᠢ ᠳᠡᠯᠡᠬᠡᠢ ᠶᠢᠨ ᠶᠢᠯᠸᠢ ᠶᠢᠨ ᠬᠠᠮᠤᠭ ᠤᠨ ᠰᠤᠳᠤᠨ ᠦᠳᠡᠰᠢᠯᠡᠭᠡ ᠬᠡᠮᠡᠭᠳᠡᠵᠠᠢ᠃ (ᠸᠠᠩ ᠵᠦᠩ ᠢᠦᠢ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121913582