蒙古文网站Logo
ᠰᠢᠨᠬᠤᠸᠠ ᠮᠤᠩᠭ᠋ᠤᠯ ᠨᠧᠲ

《 ᠮᠤᠩᠭ᠋ᠤᠯ ᠪᠦᠪᠡᠢ》 ᠪᠠᠭᠠᠴᠤᠳ ᠬᠡᠦᠬᠡᠳ ᠤᠨ ᠤᠷᠠᠨ ᠪᠦᠳᠦᠬᠡᠯ ᠤᠨ ᠦᠵᠡᠰᠬᠦᠯᠡᠩ ᠱᠠᠩᠬᠠᠢ ᠬᠤᠳᠠ ᠳᠤ ᠶᠠᠪᠤᠬᠳᠠᠪᠠ

2017-11-06 17:25

    11 ᠰᠠᠷ᠎ᠠ ᠶᠢᠨ 4 ᠤ ᠡᠳᠦᠷ᠂ ᠦᠪᠦᠷ ᠮᠤᠩᠭ᠋ᠤᠯ᠋ ᠤᠨ ᠨᠤᠮ ᠤᠨ ᠰᠠᠩ ᠪᠤᠯᠤᠨ ᠱᠠᠩᠬᠠᠢ ᠵᠢᠨ ᠨᠤᠮ ᠤᠨ ᠰᠠᠩ ᠡᠴᠡ ᠬᠠᠮᠳᠤᠷᠠᠨ ᠡᠷᠬᠢᠯᠡᠭᠰᠡᠨ《ᠨᠤᠮ ᠤᠨ ᠪᠤᠶᠠᠨᠳᠤ ᠳᠠᠯ᠎ᠠ ᠨᠤᠳᠤᠭ᠂ ᠦᠵᠡᠰᠬᠦᠯᠡᠩᠳᠤ ᠰᠠᠢᠢᠬᠠᠨ ᠤᠮᠠᠷᠠᠳᠤ ᠬᠢᠯᠢ》ᠬᠡᠬᠦ ᠭᠤᠤᠯ᠋ ᠰᠡᠳᠦᠪᠳᠤ《ᠮᠤᠩᠭ᠋ᠤᠯ᠋ ᠪᠦᠪᠡᠢ 》ᠪᠠᠭᠠᠴᠤᠳ ᠬᠡᠦᠬᠡᠳ ᠤᠨ ᠤᠷᠠᠨ ᠪᠦᠳᠦᠬᠡᠯ᠋ ᠤᠨ ᠦᠵᠡᠰᠬᠦᠯᠡᠩ ᠱᠠᠩᠬᠠᠢ ᠬᠤᠳᠠ ᠵᠢᠨ ᠨᠤᠮ ᠤᠨ ᠰᠠᠩ ᠳ᠋ᠤ ᠶᠠᠪᠤᠬᠳᠠᠪᠠ᠃

    ᠳᠤᠰ ᠤᠳᠠᠭᠠᠨ ᠤ ᠦᠵᠡᠰᠬᠦᠯᠡᠩ  ᠨᠤᠮ ᠤᠨ ᠰᠠᠩ ᠤᠳ ᠤᠨ ᠬᠠᠮᠵᠢᠯᠴᠠᠭ᠎ᠠ ᠵᠢ ᠴᠢᠩᠭ᠋ᠠᠳᠬᠠᠬᠤ᠂ ᠠᠳᠠᠯᠢ ᠪᠤᠰᠤ ᠭᠠᠵᠠᠷ ᠤᠷᠤᠨ ᠤ ᠰᠤᠶᠤᠯ᠋ ᠢ ᠳᠡᠯᠭᠡᠨ ᠦᠵᠡᠭᠦᠯᠬᠦ ᠬᠤᠯᠪᠤᠭᠠᠰᠤ ᠪᠠᠢᠢᠭᠤᠯᠬᠤ᠂ ᠬᠢᠯᠢ ᠬᠢᠵᠠᠭᠠᠷ ᠤᠨ ᠴᠦᠬᠡᠨ ᠳᠤᠭᠠᠳᠤ ᠦᠨᠳᠦᠰᠦᠳᠡᠨ ᠤ ᠪᠦᠰᠡ ᠨᠤᠲᠤᠭ ᠪᠤᠯᠤᠨ ᠳᠠᠯᠠᠢ ᠳᠠᠭᠠᠤ ᠤᠷᠤᠨ ᠤ ᠬᠤᠭᠤᠷᠤᠨᠳᠤᠬᠢ ᠰᠤᠶᠤᠯ᠋ ᠤᠨ ᠰᠤᠯᠢᠯᠴᠠᠭ᠎ᠠ ᠵᠢ ᠠᠬᠢᠭᠤᠯᠬᠤ ᠪᠡᠷ ᠭᠤᠤᠯ᠋ ᠵᠤᠷᠢᠯᠭ᠎ᠠ ᠪᠠᠨ ᠪᠤᠯᠭᠠᠭᠰᠠᠨ ᠪᠠᠢᠢᠨ᠎ᠠ᠃ ᠦᠪᠦᠷ ᠮᠤᠩᠭ᠋ᠤᠯ᠋ ᠤᠨ ᠨᠤᠮ ᠤᠨ ᠰᠠᠩ ᠤᠨ ᠮᠤᠩᠭ᠋ᠤᠯ᠋ ᠨᠤᠮ ᠤᠨ ᠰᠠᠩ ᠤᠨ ᠡᠷᠬᠢᠯᠡᠭᠴᠢ ᠪᠤᠤ ᠵᠢᠨ ᠰᠢᠶᠠᠩ ᠰᠤᠷᠪᠤᠯᠵᠢᠯᠠᠭ᠎ᠠ ᠬᠦᠯᠢᠶᠡᠬᠦ ᠳ᠋ᠡᠬᠡᠨ᠄《〈ᠮᠤᠩᠭ᠋ᠤᠯ᠋ ᠪᠦᠪᠡᠢ〉ᠪᠠᠭᠠᠴᠤᠳ ᠬᠡᠦᠬᠡᠳ ᠤᠨ ᠤᠷᠠᠨ ᠪᠦᠳᠦᠬᠡᠯ᠋ ᠤᠨ ᠦᠵᠡᠰᠬᠦᠯᠡᠩ ᠨᠢ ᠱᠠᠩᠬᠠᠢ ᠬᠤᠳᠠ ᠳ᠋ᠤ ᠠᠩᠬ᠎ᠠ ᠶᠠᠪᠤᠭᠳᠠᠵᠤ ᠪᠠᠢᠢᠭ᠎ᠠ ᠪᠦᠬᠡᠳ ᠳᠠᠯ᠎ᠠ ᠨᠤᠳᠤᠭ ᠤᠨ ᠠᠮᠢᠳᠤᠷᠠᠯ᠋ ᠰᠤᠶᠤᠯ᠋᠂ ᠳᠠᠯ᠎ᠠ ᠨᠤᠳᠤᠭ ᠤᠨ ᠮᠤᠩᠭ᠋ᠤᠯ᠋ ᠪᠦᠪᠡᠢ ᠵᠢᠨ ᠴᠤᠭ ᠵᠢᠪᠬᠤᠭ᠎ᠠ ᠵᠢ ᠱᠠᠩᠬᠠᠢ ᠬᠤᠳᠠ ᠵᠢᠨ ᠠᠷᠠᠳ ᠲᠦᠮᠡᠨ ᠳᠤ ᠳᠡᠯᠭᠡᠨ ᠦᠵᠡᠬᠦᠯᠬᠦ ᠵᠢ ᠵᠤᠷᠢᠬᠰᠠᠨ᠂ ᠳᠠᠷᠠᠭᠠᠴᠢ ᠪᠡᠷ ᠨᠡᠢᠢᠰᠯᠡᠯ᠋ ᠤᠨ ᠨᠤᠮ ᠤᠨ ᠰᠠᠩ ᠳ᠋ᠤ ᠳᠡᠯᠬᠡᠨ ᠦᠵᠡᠬᠦᠯᠵᠦ᠂ 12 ᠰᠠᠷ ᠠ ᠵᠢᠨ ᠳᠤᠮᠳᠠᠴᠢ ᠪᠡᠷ〈ᠨᠢᠬᠡ ᠪᠦᠰᠡ ᠨᠢᠬᠡ ᠵᠠᠮ〉ᠳᠠᠭᠠᠤ ᠤᠯᠤᠰ ᠢᠶᠡᠷ ᠳᠡᠯᠭᠡᠨ ᠦᠵᠡᠭᠦᠯᠬᠦ ᠪᠠᠷ ᠪᠠᠢᠢᠨ᠎ᠠ᠂ ᠠᠩᠬᠠᠨ ᠤ ᠦᠷᠳᠡᠬᠡ ᠨᠢ ᠤᠷᠤᠰ ᠤᠨ ᠮᠤᠰᠺᠸᠠ ᠵᠢᠨ ᠭᠠᠳᠠᠭᠠᠳᠤ ᠬᠡᠯᠡᠨ ᠤ ᠨᠤᠮ ᠤᠨ ᠰᠠᠩ ᠪᠤᠯᠤᠨ᠎ᠠ᠃ ᠮᠤᠩᠭ᠋ᠤᠯ᠋ ᠰᠤᠶᠤᠯ᠋᠂ ᠦᠪᠦᠷ ᠮᠤᠩᠭ᠋ᠤᠯ᠋ ᠵᠢᠡᠨ ᠤᠯᠤᠰ ᠤᠨ ᠳᠤᠳᠤᠭᠠᠳᠤ ᠭᠠᠳᠠᠭᠠᠳᠤ ᠳ᠋ᠤ ᠳᠠᠨᠢᠭᠤᠯᠬᠤ ᠵᠢᠨ ᠲᠦᠯᠦᠬᠡ ᠳᠤᠰ ᠠᠵᠢᠯᠯᠠᠭ᠎ᠠ ᠵᠢ ᠦᠷᠨᠢᠬᠦᠯᠵᠦ ᠪᠠᠢᠢᠨ᠎ᠠ》 ᠬᠡᠵᠦ ᠶᠠᠷᠢᠵᠤ ᠪᠠᠢᠢᠯ᠎ᠠ᠃

    ᠦᠪᠦᠷ ᠮᠤᠩᠭ᠋ᠤᠯ᠋ ᠤᠨ ᠦᠪᠡᠷᠳᠡᠬᠡᠨ ᠵᠠᠰᠬᠠᠤ ᠤᠷᠤᠨ ᠪᠠᠢᠢᠭᠤᠯᠤᠭᠳᠠᠭᠰᠠᠨ 70 ᠵᠢᠯ᠋  ᠤᠨ ᠤᠢ ᠳᠤ ᠵᠤᠷᠢᠭᠤᠯᠤᠭᠰᠠᠨ ᠠᠵᠢᠯᠯᠠᠭᠠᠨ ᠤ ᠨᠢᠬᠡ ᠪᠤᠯᠤᠭᠰᠠᠨ ᠤ ᠬᠤᠪᠢ ᠳ᠋ᠤ᠂ ᠳᠤᠰ ᠤᠳᠠᠭᠠᠨ ᠤ ᠦᠵᠡᠰᠬᠦᠯᠡᠩ ᠳ᠋ᠤ ᠤᠷᠤᠨ ᠳᠠᠶᠠᠭᠠᠷ ᠤᠨ12 ᠠᠢᠢᠮᠠᠭ ᠬᠤᠳᠠ ᠵᠢᠨ ᠡᠯ᠎ᠠ ᠦᠨᠳᠦᠰᠦᠳᠡᠨ ᠤ ᠬᠡᠦᠬᠡᠳ ᠪᠠᠭᠠᠴᠤᠳ ᠤᠨ ᠳᠤᠮᠳᠠ ᠡᠴᠡ ᠨᠢᠬᠡ ᠵᠢᠯ᠋ ᠤᠨ ᠬᠤᠭᠤᠴᠠᠭᠠᠨ ᠳ᠋ᠤ 2059 ᠬᠤᠪᠢ ᠪᠦᠳᠦᠬᠡᠯ᠋ ᠡᠯᠰᠡᠵᠡᠢ ᠂ ᠡᠬᠦᠨ ᠳ᠋ᠤ ᠵᠢᠷᠤᠭ ᠤᠨ ᠪᠦᠳᠦᠬᠡᠯ᠋ 1823 ᠬᠤᠪᠢ᠂ ᠤᠷᠠᠨ ᠪᠢᠴᠢᠯᠬᠡ ᠵᠢᠨ ᠪᠦᠳᠦᠬᠡᠯ᠋ 151 ᠬᠤᠪᠢ᠂ ᠭᠠᠷ ᠤᠷᠠᠯᠠᠯ᠋ ᠤᠨ ᠪᠦᠳᠦᠬᠡᠯ᠋ 85 ᠬᠤᠪᠢ ᠪᠠᠢᠢᠪᠠ᠂ ᠨᠠᠷᠢᠨ ᠬᠢᠨᠠᠮᠠᠭᠠᠢ ᠬᠢᠨᠠᠨ ᠰᠢᠯᠭᠠᠷᠠᠭᠤᠯᠬᠤ ᠪᠡᠷ ᠳᠠᠮᠵᠢᠨ᠂ 100 ᠰᠢᠬᠠᠮ ᠰᠢᠯᠢᠳᠡᠭ ᠪᠦᠳᠦᠬᠡᠯ᠋ ᠢ ᠰᠤᠩᠭ᠋ᠤᠵᠤ ᠳᠡᠯᠬᠡᠨ ᠦᠵᠡᠬᠦᠯᠦᠭᠰᠡᠨ ᠪᠠᠢᠢᠨ᠎ᠠ᠃ ᠡᠳᠡᠬᠡᠷ ᠪᠦᠳᠦᠬᠡᠯ᠋ ᠳ᠋ᠤ ᠦᠨᠳᠦᠰᠦᠳᠡᠨ ᠤ ᠤᠨᠴᠠᠯᠢᠭ᠂ ᠬᠡᠦᠬᠡᠳ ᠪᠠᠭᠠᠴᠤᠳ ᠤᠨ ᠤᠷᠠᠨ ᠰᠡᠳᠬᠢᠮᠵᠢ᠂ ᠤᠶᠤᠨ ᠤ ᠴᠤᠭ ᠵᠢᠪᠬᠤᠭ᠎ᠠ ᠬᠦᠢᠴᠡᠳ ᠳᠤᠰᠬᠠᠬᠳᠠᠬᠰᠠᠨ ᠶᠤᠮ᠃ ᠳᠤᠰ ᠦᠵᠡᠰᠬᠦᠯᠡᠩ ᠨᠢ 11 ᠰᠠᠷ᠎ᠠ ᠶᠢᠨ 4 ᠡᠴᠡ 9 ᠤ ᠡᠳᠦᠷ ᠪᠤᠯᠳᠠᠯ ᠠ ᠶᠠᠪᠤᠭᠳᠠᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121913591