蒙古文网站Logo
ᠰᠢᠨᠬᠤᠸᠠ ᠮᠤᠩᠭ᠋ᠤᠯ ᠨᠧᠲ

《ᠳᠤᠮᠳᠠᠳᠤ ᠶᠢᠨ ᠮᠦᠷᠦᠭᠡᠳᠦᠯ•2017 ᠤᠷᠠᠯᠢᠭ ᠤᠨ ᠲᠠᠯ᠎ᠠ ᠨᠤᠲᠤᠭ ᠤᠯᠤᠰ ᠳᠠᠶᠠᠭᠠᠷ ᠤᠨ ᠬᠢᠲᠠᠳ ᠵᠢᠷᠤᠭ ᠲᠤᠰᠤᠨ ᠵᠢᠷᠤᠭ ᠤᠨ ᠦᠵᠡᠰᠭᠦᠯᠡᠩ》ᠬᠦᠬᠡᠬᠤᠲᠠ ᠳᠤ ᠡᠬᠢᠯᠡᠪᠡ

2017-11-07 11:57

    ᠤᠶᠢᠷ᠎ᠠ ᠳᠤ᠂ ᠳᠤᠮᠳᠠᠳᠤ ᠤᠯᠤᠰ ᠤᠨ ᠤᠷᠠᠨ ᠵᠢᠷᠤᠭᠠᠴᠢ ᠶᠢᠨ ᠨᠡᠶᠢᠬᠡᠮᠯᠢᠭ᠌᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠹᠤᠨᠳ᠋᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠰᠤᠶᠤᠯ ᠤᠨ ᠲᠢᠩᠬᠢᠮ ᠪᠠ ᠥᠪᠡᠷᠲᠡᠬᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠡᠴᠡ ᠬᠠᠮᠳᠤᠷᠠᠨ ᠰᠠᠨᠠᠭᠠᠴᠢᠯᠠᠬᠰᠠᠨ 《ᠳᠤᠮᠳᠠᠳᠤ ᠶᠢᠨ ᠮᠦᠷᠦᠭᠡᠳᠦᠯ•2017 ᠤᠷᠠᠯᠢᠭ ᠤᠨ ᠲᠠᠯ᠎ᠠ ᠨᠤᠲᠤᠭ ᠤᠯᠤᠰ ᠳᠠᠶᠠᠭᠠᠷ ᠤᠨ ᠬᠢᠲᠠᠳ ᠵᠢᠷᠤᠭ ᠲᠤᠰᠤᠨ ᠵᠢᠷᠤᠭ ᠤᠨ ᠦᠵᠡᠰᠭᠦᠯᠡᠩ》ᠥᠪᠦᠷ ᠮᠣᠩᠭ᠋ᠤᠯ ᠤᠨ ᠦᠵᠡᠰᠭᠦᠯᠡᠩ ᠤᠨ ᠤᠷᠳᠤᠨ ᠳᠤ ᠶᠠᠪᠤᠭᠳᠠᠪᠠ᠃

    ᠲᠤᠰ ᠤᠳᠠᠭᠠᠨ ᠤ ᠦᠵᠡᠰᠭᠦᠯᠡᠩ ᠢᠶᠡᠷ ᠳᠡᠯᠬᠡᠨ ᠦᠵᠡᠭᠦᠯᠦᠭᠰᠡᠨ 200 ᠭᠠᠷᠤᠢ ᠪᠦᠲᠦᠬᠡᠯ  ᠢ ᠤᠯᠤᠰ ᠳᠠᠶᠠᠭᠠᠷ ᠡᠴᠡ ᠴᠤᠬᠯᠠᠭᠤᠯᠤᠭᠰᠠᠨ 5135 ᠪᠦᠲᠦᠬᠡᠯ ᠤᠨ ᠳᠤᠮᠳᠠ ᠡᠴᠡ ᠰᠢᠯᠢᠵᠤ ᠰᠤᠩ᠋ᠭᠤᠭᠰᠠᠨ ᠶᠤᠮ᠃

    ᠤᠶᠢᠯᠠᠭᠠᠬᠰᠠᠨ ᠢᠶᠡᠷ᠂ ᠡᠬᠦᠨ ᠡᠴᠡ ᠡᠮᠦᠨ᠎ᠠ《ᠳᠤᠮᠳᠠᠳᠤ ᠶᠢᠨ ᠮᠦᠷᠦᠭᠡᠳᠦᠯ﹒2017 ᠤᠷᠠᠯᠢᠭ ᠤᠨ ᠲᠠᠯ᠎ᠠ ᠨᠤᠲᠤᠭ ᠤᠯᠤᠰ ᠳᠠᠶᠠᠭᠠᠷ ᠤᠨ ᠬᠢᠲᠠᠳ ᠵᠢᠷᠤᠭ ᠲᠤᠰᠤᠨ ᠵᠢᠷᠤᠭ ᠤᠨ ᠦᠵᠡᠰᠭᠦᠯᠡᠩ》ᠨᠢᠬᠡᠨᠲᠠ ᠬᠦᠯᠦᠨ ᠪᠤᠶᠢᠷ ᠬᠤᠲᠠ᠂ ᠪᠠᠶᠠᠨᠨᠠᠭᠤᠷ ᠬᠤᠲᠠ ᠳᠤ ᠦᠵᠡᠰᠭᠦᠯᠡᠩ ᠨᠡᠬᠡᠬᠡᠪᠡ᠂ ᠲᠤᠰ ᠤᠳᠠᠭᠠᠨ ᠤ ᠬᠦᠬᠡᠬᠤᠲᠠ ᠳ᠋ᠡᠬᠢ ᠥᠵᠡᠰᠭᠦᠯᠡᠩ ᠪᠤᠯ ᠭᠤᠷᠪᠠᠳᠠᠬᠢ ᠥᠷᠲᠡᠬᠡ ᠪᠤᠯᠤᠨ᠎ᠠ᠂ 11 ᠰᠠᠷ᠎ᠠ ᠶᠢᠨ 10 ᠤ ᠡᠳᠦᠷ ᠦᠵᠡᠰᠭᠦᠯᠡᠩ ᠳᠠᠭᠤᠰᠤᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121917954