蒙古文网站Logo
ᠰᠢᠨᠬᠤᠸᠠ ᠮᠤᠩᠭ᠋ᠤᠯ ᠨᠧᠲ

ᠰᠤᠯᠤᠩᠭᠠᠷᠠᠭᠰᠠᠨ ᠤᠯᠠ ᠮᠦᠷ - ᠰᠢᠨᠬᠤᠧᠠ ᠬᠤᠷᠢᠶᠠᠨ ᠤ ᠰᠤᠷᠪᠤᠯᠵᠢᠯᠠᠬᠴᠢ ᠪᠠᠶᠠᠰᠬᠤᠯᠠᠩ ᠤᠨ ᠬᠡᠷᠡᠯ ᠵᠢᠷᠤᠭ ᠤᠨ ᠦᠵᠡᠰᠬᠦᠯᠡᠩ ᠨᠡᠬᠡᠬᠡᠯᠳᠡ ᠪᠡᠨ ᠬᠢᠯ᠎ᠡ

2017-11-08 19:38

 

    ᠰᠢᠨᠬᠤᠧᠠ ᠮᠤᠩᠭᠤᠯ ᠨᠧᠲ   ᠬᠦᠬᠡᠬᠤᠳᠠ ᠶᠢᠨ 11 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠬᠡ (ᠪᠤᠯᠤᠷᠴᠡᠴᠡᠭ) 8 ᠤ ᠡᠳᠦᠷ᠂ ᠠᠷᠪᠠᠨ ᠨᠠᠶ᠋ᠮᠠᠳᠠᠬᠢ ᠰᠡᠳᠬᠦᠯᠴᠢᠳ ᠤᠨ ᠪᠠᠶᠠᠷ ᠲᠤ ᠳᠤᠬᠢᠶᠠᠯᠳᠤᠭᠤᠯᠤᠨ ᠰᠢᠨᠬᠤᠧᠠ ᠬᠤᠷᠢᠶᠠᠨ ᠤ ᠠᠬᠠᠮᠠᠳ ᠨᠡᠷᠡᠳᠦ ᠰᠤᠷᠪᠤᠯᠵᠢᠯᠠᠭᠴᠢ ᠪᠠᠶᠠᠰᠬᠤᠯᠠᠩ ᠤᠨ《ᠰᠤᠯᠤᠩᠭᠠᠷᠠᠭᠰᠠᠨ ᠤᠯᠠ ᠮᠦᠷ》 ᠬᠡᠮᠡᠬᠦ ᠬᠡᠷᠡᠯ ᠵᠢᠷᠤᠭ ᠤᠨ ᠪᠦᠳᠦᠬᠡᠯ ᠤᠨ ᠦᠵᠡᠰᠬᠦᠯᠡᠩ ᠬᠦᠬᠡᠬᠤᠳᠠ ᠶᠢᠨ ᠤᠷᠠᠨ ᠵᠢᠷᠤᠭ ᠤᠨ ᠤᠷᠳᠤᠨ ᠳᠤ ᠵᠤᠬᠢᠶᠠᠨ ᠪᠠᠶᠢᠭᠤᠯᠤᠭᠳᠠᠯ᠎ᠠ᠃

    ᠬᠦᠬᠡᠬᠤᠳᠠ ᠶᠢᠨ ᠰᠤᠶᠤᠯ ᠰᠤᠨᠢᠨ ᠮᠡᠳᠡᠬᠡ ᠬᠡᠪᠯᠡᠯ ᠷᠠᠳᠢᠣ᠋ ᠲᠧᠯᠧᠶ᠋ᠰ ᠳᠤᠪᠴᠢᠶ᠎ᠠ ᠡᠴᠡ ᠰᠠᠨᠠᠭᠠᠴᠢᠯᠠᠵᠤ᠂ ᠬᠦᠬᠡᠬᠤᠳᠠ ᠶᠢᠨ ᠤᠷᠠᠨ ᠵᠢᠷᠤᠭ ᠤᠨ ᠤᠷᠳᠤᠨ ᠡᠴᠡ ᠵᠤᠬᠢᠶᠠᠨ ᠪᠠᠶᠢᠭᠤᠯᠤᠭᠰᠠᠨ ᠡᠨᠡᠬᠦ ᠦᠵᠡᠰᠬᠦᠯᠡᠩ ᠢᠶᠡᠷ ᠰᠤᠷᠪᠤᠯᠵᠢᠯᠠᠭᠴᠢ ᠪᠠᠶᠠᠰᠬᠤᠯᠠᠩ ᠤᠨ ᠵᠠᠭᠤ ᠭᠠᠷᠤᠢ ᠬᠡᠷᠡᠯ ᠵᠢᠷᠤᠭ ᠤᠨ ᠪᠦᠳᠦᠬᠡᠯ ᠢ ᠳᠡᠯᠬᠡᠨ ᠦᠵᠡᠬᠦᠯᠵᠡᠢ᠃ ᠨᠡᠬᠡᠬᠡᠯᠳᠡ ᠶᠢᠨ ᠶᠤᠰᠤᠯᠠᠯ ᠤᠨ ᠦᠶ᠎ᠡ ᠪᠡᠷ᠂ ᠬᠦᠬᠡᠬᠤᠳᠠ ᠶᠢᠨ ᠤᠷᠠᠨ ᠵᠢᠷᠤᠭ ᠤᠨ ᠤᠷᠳᠤᠨ ᠡᠴᠡ ᠪᠠᠶᠠᠰᠬᠤᠯᠠᠩ ᠢ ᠵᠦᠪᠯᠡᠭᠴᠢ ᠪᠡᠷ ᠤᠷᠢᠵᠤ ᠦᠨᠡᠮᠯᠡᠯ ᠭᠠᠷᠳᠠᠭᠤᠯᠤᠭᠰᠠᠨ ᠪᠠ ᠪᠠᠶᠠᠰᠬᠤᠯᠠᠩ ᠴᠤ ᠦᠪᠡᠷ ᠤᠨ ᠨᠠᠨᠳᠢᠩᠨᠠᠨ ᠬᠠᠳᠠᠭᠠᠯᠠᠵᠤ ᠢᠷᠡᠭᠰᠡᠨ ᠬᠤᠶᠠᠷ ᠪᠦᠳᠦᠬᠡᠯ ᠢᠶᠡᠨ ᠤᠷᠳᠤᠨ ᠳᠤ ᠳᠤᠷᠠᠰᠬᠠᠯ ᠪᠤᠯᠭᠠᠨ ᠪᠡᠯᠡᠭᠯᠡᠵᠡᠢ᠃

    ᠪᠠᠶᠠᠰᠬᠤᠯᠠᠩ 1938 ᠤᠨ ᠳᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠷᠠᠭᠤᠨ ᠳᠠᠪᠢᠨ ᠨᠤᠳᠤᠭ ᠤᠨ ᠬᠦᠬᠡ ᠰᠦᠬᠡ ᠭᠠᠴᠠᠭᠠᠨ ᠤ ᠤᠪᠤᠭᠠᠨ ᠠᠶᠢᠯ ᠤᠨ ᠤᠳᠬᠤᠨᠪᠠᠶᠠᠷ᠂ ᠵᠢᠨᠰᠢᠶᠤᠤᠽᠢ ᠬᠤᠶᠠᠷ ᠤᠨ ᠭᠤᠳᠠᠭᠠᠷ ᠬᠦᠪᠡᠬᠦᠨ ᠪᠤᠯᠤᠨ ᠵᠠᠶᠠᠭᠠᠪᠠ᠃ 1959 ᠤᠨ ᠳᠤ ᠦᠪᠦᠷ ᠮᠤᠩᠭᠤᠯ ᠤᠨ ᠮᠤᠩᠭᠤᠯ ᠬᠡᠯᠡ ᠪᠢᠴᠢᠭ᠌ ᠤᠨ ᠳᠤᠰᠬᠠᠢ ᠮᠡᠷᠬᠡᠵᠢᠯ ᠤᠨ ᠰᠤᠷᠭᠠᠭᠤᠯᠢ ᠡᠴᠡ ᠳᠡᠬᠦᠰᠴᠤ᠂ ᠦᠪᠦᠷ ᠮᠤᠩᠭᠤᠯ ᠤᠨ ᠠᠷᠠᠳ ᠤᠨ ᠷᠠᠳᠢᠣ᠋ ᠨᠡᠪᠳᠡᠷᠡᠬᠦᠯᠬᠡ ᠶᠢᠨ ᠬᠤᠷᠢᠶ᠎ᠠ᠂ ᠪᠠᠶᠠᠨᠨᠠᠭᠤᠷ ᠤᠨ ᠰᠤᠨᠢᠨ ᠤ ᠬᠤᠷᠢᠶ᠎ᠠ᠂ ᠰᠢᠨᠬᠤᠧᠠ ᠮᠡᠳᠡᠬᠡᠯᠡᠯ ᠤᠨ ᠬᠤᠷᠢᠶ᠎ᠠ ᠵᠡᠷᠬᠡ ᠨᠠᠮ ᠤᠨ ᠰᠤᠨᠢᠨ ᠮᠡᠳᠡᠬᠡᠨ ᠤ ᠪᠠᠶᠢᠭᠤᠯᠤᠯᠭ᠎ᠠ ᠳᠤ ᠳᠦᠴᠢᠬᠡᠳ ᠵᠢᠯ ᠠᠵᠢᠯᠯᠠᠵᠤ᠂ 2001 ᠤᠨ ᠳᠤ ᠳᠡᠳᠬᠦᠪᠦᠷᠢ ᠳᠤ ᠭᠠᠷᠴᠠᠢ᠃ ᠳᠡᠬᠦᠨ ᠤ 30 ᠭᠠᠷᠤᠢ ᠪᠦᠯᠦᠭᠳᠦ ᠬᠡᠷᠡᠯ ᠵᠢᠷᠤᠭ ᠤᠨ ᠮᠡᠳᠡᠬᠡᠯᠡᠯ ᠤᠯᠤᠰ ᠤᠨ ᠳᠤᠳᠤᠭᠠᠳᠤ ᠭᠠᠳᠠᠭᠠᠳᠤ ᠶᠢᠨ ᠰᠤᠨᠢᠨ ᠰᠡᠳᠬᠦᠯ ᠳᠡᠬᠡᠷ᠎ᠡ ᠨᠡᠶᠢᠳᠡᠯᠡᠭᠳᠡᠵᠤ ᠦᠩᠬᠡᠷᠡᠪᠡ᠃ 《ᠮᠤᠩᠭᠤᠯ ᠬᠡᠷ》 ᠬᠡᠬᠦ ᠪᠦᠳᠦᠬᠡᠯ ᠨᠢ ᠳᠡᠯᠡᠬᠡᠢ ᠶᠢᠨ ᠤᠷᠤᠨ ᠰᠠᠭᠤᠴᠠ ᠶᠢᠨ ᠦᠵᠡᠰᠬᠦᠯᠡᠩ ᠳᠤ᠂《ᠭᠤᠪᠢ ᠨᠤᠳᠤᠭ ᠤᠨ ᠡᠷᠳᠡᠨᠢ᠂ ᠭᠤᠬᠠᠨ ᠬᠦᠵᠦᠬᠦᠳᠦ ᠳᠡᠮᠡᠬᠡ》 ᠬᠡᠬᠦ ᠪᠦᠳᠦᠬᠡᠯ ᠨᠢ ᠪᠦᠬᠦ ᠤᠯᠤᠰ ᠤᠨ ᠰᠤᠨᠢᠨ ᠮᠡᠳᠡᠬᠡᠨ ᠤ ᠦᠵᠡᠰᠬᠦᠯᠡᠩ ᠳᠤ᠂ 《ᠨᠢᠬᠡᠨ ᠦᠶ᠎ᠡ ᠶᠢᠨ ᠪᠠᠭᠠᠳᠤᠷ ᠴᠢᠩᠬᠢᠰ ᠬᠠᠭᠠᠨ ᠤ ᠤᠩᠭᠤᠨ》᠂ 《ᠦᠵᠡᠰᠬᠦᠯᠡᠩᠳᠤ ᠰᠠᠶᠢᠬᠠᠨ ᠦᠪᠦᠷ ᠮᠤᠩᠭᠤᠯ》 ᠵᠡᠷᠬᠡ ᠳᠦᠴᠢ ᠭᠠᠷᠤᠢ ᠪᠦᠳᠦᠬᠡᠯ ᠨᠢ 2001 ᠤᠨ ᠤ ᠰᠢᠳ᠋ᠨᠢ ᠳᠤ ᠪᠤᠯᠤᠭᠰᠠᠨ ᠦᠪᠦᠷ ᠮᠤᠩᠭᠤᠯ ᠤᠨ ᠵᠠᠩ ᠦᠢᠯᠡ ᠶᠢᠨ ᠦᠵᠡᠰᠬᠦᠯᠡᠩ ᠢᠶᠡᠷ ᠳᠤᠰ ᠳᠤᠰ ᠳᠡᠯᠬᠡᠭᠳᠡᠭᠰᠡᠨ ᠪᠠᠶᠢᠨ᠎ᠠ᠃ 《ᠪᠠᠶᠠᠵᠢᠯ ᠤᠨ ᠵᠠᠮ》 ᠬᠡᠮᠡᠬᠦ ᠨᠤᠮ ᠨᠢ 1990 ᠤᠨ ᠳᠤ ᠳᠦᠪ ᠤᠨ ᠦᠨᠳᠦᠰᠦᠳᠡᠨ ᠤ ᠬᠡᠪᠯᠡᠯ ᠤᠨ ᠬᠤᠷᠢᠶᠠᠨ ᠡᠴᠡ ᠬᠡᠪᠯᠡᠭᠳᠡᠵᠤ᠂ 《ᠰᠤᠷᠪᠤᠯᠵᠢᠯᠠᠭᠴᠢ ᠶᠢᠨ ᠤᠯᠠ ᠮᠦᠷ》᠂《ᠰᠤᠯᠤᠩᠭᠠᠷᠠᠭᠰᠠᠨ ᠤᠯᠠ ᠮᠦᠷ》ᠵᠡᠷᠬᠡ ᠶᠢ ᠪᠠᠭᠳᠠᠭᠠᠭᠰᠠᠨ 5 ᠳ᠋ᠢᠰᠺ ᠨᠢ ᠤᠯᠠᠨ ᠲᠠᠢ ᠵᠤᠯᠭᠠᠪᠠ᠃ ᠳᠡᠷᠡᠪᠡᠷ ᠳᠠᠶᠢᠧᠠᠨ ᠤ《ᠡᠷᠳᠡᠨ ᠤ ᠤᠷᠳᠤᠨ》 ᠳᠤ ᠨᠡᠷ᠎ᠡ ᠬᠦᠨᠳᠦᠳᠦ ᠬᠦᠷᠢᠶᠡᠯᠡᠩ ᠤᠨ ᠳᠠᠷᠤᠭ᠎ᠠ ᠪᠡᠷ ᠤᠷᠢᠭᠳᠠᠭᠰᠠᠨ ᠪᠠ ᠦᠢᠯᠡ ᠠᠵᠢᠯᠯᠠᠭ᠎ᠠ ᠨᠢ《ᠳᠡᠯᠡᠬᠡᠢ ᠶᠢᠨ ᠠᠯᠳᠠᠷᠳᠤ ᠬᠦᠮᠦᠰ ᠤᠨ ᠳᠤᠯᠢ》᠂《ᠬᠤᠷᠢᠨ ᠨᠢᠬᠡᠳᠦᠬᠡᠷ ᠵᠠᠭᠤᠨ ᠤ ᠡᠷᠳᠡᠮᠳᠡᠳ ᠤᠨ ᠳᠤᠯᠢ》᠂ 《ᠳᠤᠮᠳᠠᠳᠤ ᠶᠢᠨ ᠬᠡᠷᠡᠯ ᠵᠢᠷᠤᠭ ᠤᠨ ᠪᠦᠷᠢᠨ ᠳᠤᠯᠢ》ᠵᠡᠷᠬᠡ ᠳᠤᠮᠤ ᠨᠤᠮ ᠳᠡᠪᠳᠡᠷ ᠲᠤ ᠰᠤᠩᠭᠤᠭᠳᠠᠨ ᠤᠷᠤᠵᠠᠢ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121925847