蒙古文网站Logo
ᠰᠢᠨᠬᠤᠸᠠ ᠮᠤᠩᠭ᠋ᠤᠯ ᠨᠧᠲ

29 ᠳ᠋ᠤᠭᠡᠷ ᠬᠤᠭᠤᠴᠠᠭᠠᠨ ᠤ ᠳᠤᠮᠳᠠᠳᠤ ᠤᠯᠤᠰ ᠤᠨ《ᠤᠯᠠᠨ ᠤᠯᠤᠰ ᠤᠨ ᠰᠢᠨᠵᠢᠯᠡᠬᠦ ᠤᠬᠠᠭᠠᠨ ᠬᠢᠭᠡᠳ ᠡᠩᠬᠡ ᠲᠠᠶᠢᠪᠤᠩ ᠤᠨ ᠭᠠᠷᠠᠭ》 ᠤᠨ ᠦᠪᠦᠷ ᠮᠣᠩᠭᠣᠯ ᠳ᠋ᠡᠬᠢ ᠠᠵᠢᠯᠯᠠᠭ᠎ᠠ ᠡᠬᠢᠯᠡᠪᠡ

2017-11-09 13:55

    11 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠠᠷᠠᠳᠴᠢᠯᠠᠭᠰᠠᠨ ᠨᠠᠮ ᠤᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠠᠷᠠᠳᠴᠢᠯᠠᠭᠰᠠᠨ ᠨᠠᠮ ᠤᠨ ᠬᠦᠬᠡᠬᠤᠲᠠ ᠶᠢᠨ ᠨᠠᠮ ᠤᠨ ᠬᠤᠷᠢᠶ᠎ᠠ ᠡᠴᠡ ᠬᠠᠮᠲᠤᠷᠠᠨ ᠰᠠᠨᠠᠭᠠᠴᠢᠯᠠᠭᠰᠠᠨ 29 ᠳ᠋ᠤᠭᠡᠷ ᠬᠤᠭᠤᠴᠠᠭᠠᠨ ᠤ ᠳᠤᠮᠳᠠᠳᠤ ᠤᠯᠤᠰ ᠤᠨ《ᠤᠯᠠᠨ ᠤᠯᠤᠰ ᠤᠨ ᠰᠢᠨᠵᠢᠯᠡᠬᠦ ᠤᠬᠠᠭᠠᠨ ᠬᠢᠭᠡᠳ ᠡᠩᠬᠡ ᠲᠠᠶᠢᠪᠤᠩ ᠤᠨ ᠭᠠᠷᠠᠭ》 ᠤᠨ ᠦᠪᠦᠷ ᠮᠣᠩᠭᠣᠯ ᠳ᠋ᠡᠬᠢ ᠠᠵᠢᠯᠯᠠᠭᠠᠨ ᠤ ᠡᠬᠢᠯᠡᠯᠲᠡ ᠶᠢᠨ ᠶᠤᠰᠤᠯᠠᠯ ᠵᠢᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠠᠮᠵᠢᠯᠲᠠ ᠪᠦᠲᠦᠭᠡᠯ ᠤᠨ ᠦᠵᠡᠰᠭᠦᠯᠡᠩ ᠤᠨ ᠠᠵᠢᠯᠯᠠᠭ᠎ᠠ ᠬᠦᠬᠡᠬᠤᠲᠠ ᠳᠤ ᠶᠠᠪᠤᠭᠳᠠᠪᠠ᠃

    《ᠤᠯᠠᠨ ᠤᠯᠤᠰ ᠤᠨ ᠰᠢᠨᠵᠢᠯᠡᠬᠦ ᠤᠬᠠᠭᠠᠨ ᠬᠢᠭᠡᠳ ᠡᠩᠬᠡ ᠲᠠᠶᠢᠪᠤᠩ ᠤᠨ ᠭᠠᠷᠠᠭ》 ᠨᠢ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠡᠴᠡ ᠰᠠᠨᠠᠭᠠᠴᠢᠯᠠᠭᠰᠠᠨ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠡᠩᠬᠡ ᠲᠠᠶᠢᠪᠤᠩ ᠢ ᠲᠦᠯᠬᠢᠨ ᠠᠬᠢᠭᠤᠯᠬᠤ ᠨᠢᠭᠡᠨ ᠬᠦᠨᠳᠤ ᠴᠢᠬᠤᠯᠠ ᠤᠬᠠᠭᠤᠯᠭ᠎ᠠ ᠶᠢᠨ ᠠᠵᠢᠯᠯᠠᠭ᠎ᠠ ᠮᠦᠨ᠂ ᠲᠤᠰ ᠬᠤᠭᠤᠴᠠᠭᠠᠨ ᠤ《ᠤᠯᠠᠨ ᠤᠯᠤᠰ ᠤᠨ ᠰᠢᠨᠵᠢᠯᠡᠬᠦ ᠤᠬᠠᠭᠠᠨ ᠬᠢᠭᠡᠳ ᠡᠩᠬᠡ ᠲᠠᠶᠢᠪᠤᠩ ᠤᠨ ᠭᠠᠷᠠᠭ》 ᠨᠢ ᠠᠶᠤᠯᠭᠦᠢ ᠲᠤᠭᠲᠠᠭᠤᠨ᠂ ᠬᠦᠭ᠍ᠵᠢᠨ ᠴᠡᠴᠡᠭᠯᠡᠭᠰᠡᠨ ᠤᠯᠤᠰ ᠤᠷᠤᠨ ᠢᠶᠡᠨ ᠬᠠᠮᠲᠤᠪᠠᠷ ᠴᠤᠭᠴᠠᠯᠠᠶ᠎ᠠ ᠬᠡᠮᠡᠬᠦ ᠭᠤᠤᠯ ᠰᠡᠳᠦᠪ ᠤᠨ ᠲᠤᠭᠤᠷᠢᠨ ᠳᠤ ᠶᠠᠪᠤᠭᠳᠠᠨ᠎ᠠ᠃

    ᠡᠬᠢᠯᠡᠯᠲᠡ ᠶᠢᠨ ᠶᠤᠰᠤᠯᠠᠯ ᠤᠨ ᠳᠠᠷᠠᠭ᠎ᠠ᠂ ᠠᠵᠢᠯᠴᠢᠨ ᠲᠠᠷᠢᠶᠠᠴᠢᠨ ᠤ ᠠᠷᠠᠳᠴᠢᠯᠠᠭᠰᠠᠨ ᠨᠠᠮ ᠤᠨ 50 ᠭᠡᠰᠢᠭᠦᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠠᠮᠵᠢᠯᠲᠠ ᠪᠦᠲᠦᠭᠡᠯ ᠤᠨ ᠦᠵᠡᠰᠭᠦᠯᠡᠩ ᠢ ᠰᠤᠨᠢᠷᠬᠠᠵᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠬᠦᠭ᠍ᠵᠢᠯᠲᠠ ᠶᠢᠨ ᠶᠠᠪᠤᠴᠠ ᠪᠤᠯᠤᠨ ᠭᠢᠯᠠᠯᠵᠠᠭᠰᠠᠨ ᠠᠮᠵᠢᠯᠲᠠ ᠶᠢ ᠪᠡᠶᠡᠴᠢᠯᠡᠨ ᠤᠶᠢᠯᠠᠭᠠᠵᠠᠢ᠃ ᠲᠡᠳᠡ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭᠠᠨ ᠤ ᠵᠢᠯᠤᠭᠤᠳᠤᠯᠭ᠎ᠠ ᠳᠤᠤᠷ᠎ᠠ ᠬᠠᠷᠢᠭᠤᠴᠠᠭᠰᠠᠨ ᠡᠭᠦᠷᠭᠡ ᠪᠡᠨ ᠯᠠᠪᠳᠠᠭᠤᠨ ᠪᠡᠶᠡᠯᠡᠭᠦᠯᠵᠤ᠂ ᠲᠦᠷᠦ ᠳᠤ ᠤᠷᠤᠯᠴᠠᠬᠤ ᠨᠠᠮ ᠤᠨ ᠡᠭᠦᠷᠭᠡ ᠬᠠᠷᠢᠭᠤᠴᠠᠯᠭ᠎ᠠ ᠪᠡᠨ ᠭᠦᠢᠴᠡᠳᠭᠡᠨ《ᠦᠵᠡᠰᠬᠦᠯᠡᠩᠳᠤ ᠰᠠᠶᠢᠬᠠᠨ ᠦᠪᠤᠷ ᠮᠤᠩᠭ᠋ᠤᠯ ᠢᠶᠠᠨ ᠪᠦᠳᠦᠭᠡᠨ ᠪᠠᠶᠢᠭᠤᠯᠵᠥ᠂ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠡᠷ ᠲᠡᠷᠭᠡᠯᠰᠢᠬᠦᠯᠬᠦ》 ᠳᠤ ᠬᠤᠪᠢ ᠨᠡᠮᠡᠷᠢ ᠦᠵᠡᠭᠦᠯᠦᠨ᠎ᠠ ᠭᠡᠵᠡᠭᠡᠪᠡ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121929560