蒙古文网站Logo
ᠰᠢᠨᠬᠤᠸᠠ ᠮᠤᠩᠭ᠋ᠤᠯ ᠨᠧᠲ

《ᠦᠵᠡᠰᠭᠦᠯᠡᠩᠲᠤ ᠰᠠᠶᠢᠬᠠᠨ ᠮᠢᠨᠦ ᠨᠤᠲᠤᠭ》ᠱᠠᠩᠬᠠᠢ ᠶᠢᠨ ᠤᠯᠠᠨ ᠤᠯᠤᠰ ᠤᠨ ᠤᠷᠠᠯᠢᠭ ᠤᠨ ᠨᠠᠶᠢᠷ ᠲᠤ ᠲᠤᠬᠯᠠᠪᠠ

2017-11-15 11:37

    ᠰᠢᠨᠬᠤᠧᠠ ᠬᠤᠷᠢᠶ᠎ᠠ  ᠱᠠᠩᠬᠠᠢ ᠶᠢᠨ 11 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠵᠠᠢ ᠰᠢᠶᠠᠩ ᠡᠦ ᠰᠢᠶᠠ) ᠠᠷᠪᠠ ᠶᠢᠰᠦᠳᠦᠬᠡᠷ ᠬᠤᠭᠤᠴᠠᠭᠠᠨ ᠤ ᠳᠤᠮᠳᠠᠳᠤ ᠤᠯᠤᠰ ᠤᠨ ᠱᠠᠩᠬᠠᠢ ᠶᠢᠨ ᠤᠯᠠᠨ ᠤᠯᠤᠰ ᠤᠨ ᠤᠷᠠᠯᠢᠭ ᠤᠨ ᠨᠠᠶᠢᠷ ᠤᠨ ᠬᠤᠭᠤᠴᠠᠭᠠᠨ ᠳᠤ᠂ ᠥᠪᠦᠷ ᠮᠣᠩᠭ᠋ᠤᠯ ᠤᠨ ᠥᠪᠡᠷᠲᠡᠬᠡᠨ ᠵᠠᠰᠬᠠᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠲᠡᠮᠳᠡᠭᠯᠡᠬᠦ ᠶᠢᠨ ᠲᠤᠰᠠᠲᠠ ᠱᠠᠩᠬᠠᠢ ᠶᠢᠨ ᠤᠯᠠᠨ ᠤᠯᠤᠰ ᠤᠨ ᠤᠷᠠᠯᠢᠭ ᠤᠨ ᠨᠠᠶᠢᠷ ᠤᠨ ᠲᠦᠪ ᠪᠤᠯᠤᠨ ᠥᠪᠦᠷ ᠮᠣᠩᠭ᠋ᠤᠯ ᠤᠨ ᠦᠨᠳᠦᠰᠦᠲᠠᠨ ᠤ ᠤᠷᠠᠯᠢᠭ ᠵᠦᠴᠦᠭᠡ ᠶᠢᠨ ᠬᠦᠷᠢᠶᠡᠯᠡᠩ ᠬᠠᠮᠳᠤᠷᠠᠨ 11 ᠰᠠᠷ᠎ᠠ ᠶᠢᠨ 13 ᠤ ᠡᠳᠦᠷ ᠪᠠ 14 ᠤ ᠡᠳᠦᠷ ᠱᠠᠩᠬᠠᠢ ᠲᠤᠮᠤ ᠲᠢᠶᠠᠲ᠋ᠷ ᠲᠤ ᠦᠨᠳᠦᠰᠦᠲᠠᠨ ᠤ ᠳᠠᠭᠤᠤ ᠪᠦᠵᠢᠭ᠌ ᠤᠨ ᠦᠳᠡᠰᠢᠯᠡᠬᠡ 《ᠦᠵᠡᠰᠭᠦᠯᠡᠩᠲᠤ ᠰᠠᠶᠢᠬᠠᠨ ᠮᠢᠨᠦ ᠨᠤᠲᠤᠭ》 ᠢ ᠵᠣᠬᠢᠶᠠᠨ ᠪᠠᠶᠢᠭᠤᠯᠵᠤ᠂ ᠥᠪᠦᠷ ᠮᠣᠩᠭ᠋ᠤᠯ ᠤᠨ ᠪᠠᠶᠠᠯᠢᠭ ᠰᠠᠶᠢᠬᠠᠨ ᠤᠷᠠᠯᠢᠭ ᠤᠨ ᠤᠪᠠᠳᠢᠰ ᠢ ᠤᠯᠠᠨ ᠳᠤ ᠰᠤᠨᠢᠷᠬᠠᠭᠤᠯᠤᠭᠰᠠᠨ ᠪᠠᠶᠢᠨ᠎ᠠ᠃

    13 ᠤ ᠡᠳᠦᠷ᠂ ᠳᠤᠮᠳᠠᠳᠤ ᠤᠯᠤᠰ ᠤᠨ ᠱᠠᠩᠬᠠᠢ ᠶᠢᠨ ᠤᠯᠠᠨ ᠤᠯᠤᠰ ᠤᠨ ᠤᠷᠠᠯᠢᠭ ᠤᠨ ᠨᠠᠶᠢᠷ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠰᠤᠶᠤᠯ ᠤᠨ ᠲᠢᠩᠬᠢᠮ ᠲᠠᠢ ᠬᠡᠯᠡᠯᠴᠡᠭᠡᠷ ᠲᠤᠭᠲᠠᠵᠤ᠂ 2018 ᠤᠨ ᠡᠴᠡ ᠡᠬᠢᠯᠡᠨ 3 ᠵᠢᠯ ᠳᠠᠷᠠᠭᠠᠯᠠᠵᠤ ᠵᠢᠯ ᠪᠤᠯᠭᠠᠨ ᠤ 8 ᠰᠠᠷ᠎ᠠ ᠳᠤ ᠵᠣᠬᠢᠶᠠᠨ ᠪᠠᠶᠢᠭᠤᠯᠤᠭᠳᠠᠬᠤ ᠥᠪᠦᠷ ᠮᠣᠩᠭ᠋ᠤᠯ ᠤᠨ 《ᠲᠠᠯ᠎ᠠ ᠨᠤᠲᠤᠭ ᠤᠨ ᠰᠤᠶᠤᠯ ᠤᠨ ᠨᠠᠶᠢᠷ》 ᠤᠨ ᠬᠤᠭᠤᠴᠠᠭᠠᠨ ᠳᠤ 《ᠳᠤᠮᠳᠠᠳᠤ ᠤᠯᠤᠰ ᠤᠨ ᠱᠠᠩᠬᠠᠢ ᠶᠢᠨ ᠤᠯᠠᠨ ᠤᠯᠤᠰ ᠤᠨ ᠤᠷᠠᠯᠢᠭ ᠤᠨ ᠨᠠᠶᠢᠷ ᠤᠨ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠬᠤᠪᠢᠶᠠᠷᠢ ᠲᠠᠯᠠᠪᠤᠷ 》ᠠᠵᠢᠯᠯᠠᠭ᠎ᠠ ᠬᠠᠮᠳᠤᠷᠠᠨ ᠵᠣᠬᠢᠶᠠᠨ ᠪᠠᠶᠢᠭᠤᠯᠤᠨ᠎ᠠ ᠬᠡᠵᠤ ᠵᠠᠷᠯᠠᠪᠠ᠃ ᠡᠬᠦᠨ ᠢᠶᠡᠷ ᠳᠠᠮᠵᠢᠨ ᠬᠤᠶᠠᠷ ᠲᠠᠯ᠎ᠠ ᠶᠢᠨ ᠰᠤᠶᠤᠯ ᠤᠨ ᠡᠬᠢ ᠰᠤᠷᠪᠤᠯᠵᠢ ᠬᠤᠪᠢᠶᠠᠯᠴᠠᠬᠤ᠂ ᠳᠠᠪᠠᠭᠤᠯᠢᠭ ᠢᠶᠡᠨ ᠬᠠᠷᠢᠯᠴᠠᠨ ᠨᠦᠬᠦᠪᠦᠷᠢᠯᠡᠬᠦ ᠶᠢ ᠪᠠᠶᠠᠯᠡᠬᠦᠯᠦᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121959909