蒙古文网站Logo
ᠰᠢᠨᠬᠤᠸᠠ ᠮᠤᠩᠭ᠋ᠤᠯ ᠨᠧᠲ

ᠨᠢᠦ᠋ ᠶᠤᠷᠺ ᠤᠨ ᠳ᠋ᠠ ᠳ᠋ᠦ᠋ ᠬᠤᠢ ᠮᠦᠽᠸᠢ ᠳᠤ Michelangelo ᠶ᠋ᠢᠨ ᠤᠷᠠᠯᠢᠭ ᠤᠨ ᠦᠵᠡᠰᠭᠦᠯᠡᠩ ᠶᠠᠪᠤᠭᠳᠠᠪᠠ

2017-11-15 11:49

11 ᠰᠠᠷ᠎ᠠ ᠶᠢᠨ 13 ᠤ ᠡᠳᠦᠷ᠂ ᠠᠮᠸᠷᠢᠺᠡ ᠶᠢᠨ ᠨᠢᠦ᠋ ᠶᠤᠷᠺ ᠤᠨ ᠳ᠋ᠠ ᠳ᠋ᠦ᠋ ᠬᠤᠢ ᠮᠦᠽᠸᠢ ᠳᠤ ᠶᠠᠪᠤᠭᠳᠠᠭᠰᠠᠨ Michelangelo ᠶ᠋ᠢᠨ ᠤᠷᠠᠯᠢᠭ ᠤᠨ ᠦᠵᠡᠰᠭᠦᠯᠡᠩ ᠳᠤ ᠬᠦᠮᠦᠰ ᠱᠤᠭᠤᠮᠠᠯ ᠤᠨ ᠪᠦᠲᠦᠭᠡᠯ ᠢ ᠰᠤᠨᠢᠷᠬᠠᠵᠤ ᠪᠤᠢ

    ᠲᠤᠬᠠᠢ ᠶᠢᠨ ᠡᠳᠦᠷ《Michelangelo -- ᠭᠠᠷᠮᠠᠭᠠᠢ ᠳ᠋ᠢᠽᠠᠶᠢᠨ᠋ᠸᠷ ᠬᠢᠭᠡᠳ ᠤᠷᠠᠯᠢᠭᠴᠢᠨ》ᠲᠤᠰᠬᠠᠢ ᠦᠵᠡᠰᠭᠦᠯᠡᠩ ᠨᠢᠦ᠋ ᠶᠤᠷᠺ ᠤᠨ ᠳ᠋ᠠ ᠳ᠋ᠦ᠋ ᠬᠤᠢ ᠮᠦᠽᠸᠢ ᠳᠤ ᠦᠵᠡᠭᠴᠢᠳ ᠲᠠᠢ ᠵᠤᠯᠭᠤᠪᠠ᠃ ᠦᠵᠡᠰᠭᠦᠯᠡᠩ ᠳᠤ ᠠᠮᠸᠷᠢᠺᠡ ᠪᠤᠯᠤᠨ ᠡᠸᠦ᠋ᠷᠦᠫᠠ ᠲᠢᠪ ᠤᠨ ᠡᠯ᠎ᠠ ᠪᠦᠰᠡ ᠨᠤᠲᠤᠭ ᠤᠨ ᠨᠡᠶᠢᠲᠡ ᠶᠢᠨ ᠪᠠ ᠬᠤᠪᠢ ᠶᠢᠨ ᠬᠠᠳᠠᠭᠠᠯᠠᠮᠵᠢ ᠶᠢᠨ ᠪᠤᠳᠠᠰ ᠡᠴᠡ 133 Michelangelo ᠶ᠋ᠢᠨ ᠤᠷᠠᠨ ᠵᠢᠷᠤᠭ᠂ 3 ᠭᠠᠨᠳ᠋ᠢᠭ ᠱᠤᠭᠤᠮᠠᠯ ᠢ ᠳᠡᠯᠭᠡᠨ ᠦᠵᠡᠭᠦᠯᠪᠠ᠂ Michelangelo ᠶᠢᠨ ᠱᠤᠭᠤᠮᠠᠯᠴᠢ᠂ ᠤᠷᠠᠨ ᠵᠢᠷᠤᠭᠠᠴᠢ᠂ ᠪᠠᠷᠢᠯᠭ᠎ᠠ ᠶᠢᠨ ᠤᠷᠠᠯᠢᠭᠴᠢᠨ ᠤ ᠭᠠᠷᠮᠠᠭᠠᠢ ᠤᠷᠠᠯᠢᠭ ᠤᠨ ᠦᠷ᠎ᠠ ᠪᠦᠲᠦᠭᠡᠯ ᠢ ᠬᠠᠷᠠᠭᠤᠯᠪᠠ᠃ ᠦᠵᠡᠰᠭᠦᠯᠡᠩ ᠨᠢ 2018 ᠤᠨ ᠤ 2 ᠰᠠᠷ᠎ᠠ ᠶᠢᠨ 12 ᠤᠨ ᠡᠳᠦᠷ ᠪᠤᠯᠲᠠᠯ᠎ᠠ ᠶᠠᠪᠤᠭᠳᠠᠨ᠎ᠠ᠃ ‍(ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠩ ᠶᠢᠩ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121959949