蒙古文网站Logo
ᠰᠢᠨᠬᠤᠸᠠ ᠮᠤᠩᠭ᠋ᠤᠯ ᠨᠧᠲ

ᠠᠷᠪᠠᠨ ᠳᠦᠷᠪᠡᠳᠦᠬᠡᠷ ᠬᠤᠭᠤᠴᠠᠭᠠᠨ ᠤ ᠮᠣᠩ᠋ᠭᠤᠯ ᠬᠤᠪᠴᠠᠰᠤᠨ ᠤ ᠤᠷᠠᠯᠢᠭ ᠤᠨ ᠨᠠᠶᠢᠷ 27 ᠤ ᠡᠳᠦᠷ ᠨᠡᠬᠡᠬᠡᠯᠲᠠ ᠪᠡᠨ ᠬᠢᠨ᠎ᠠ

2017-11-20 12:10

    17 ᠤ ᠡᠳᠦᠷ ᠤᠨ ᠦᠳᠡ ᠡᠴᠡ ᠬᠤᠶᠢᠰᠢ᠂ ᠰᠤᠷᠪᠤᠯᠵᠢᠯᠠᠬᠴᠢ ᠠᠷᠪᠠᠨ ᠳᠦᠷᠪᠡᠳᠦᠬᠡᠷ ᠬᠤᠭᠤᠴᠠᠭᠠᠨ ᠤ ᠮᠣᠩ᠋ᠭᠤᠯ ᠬᠤᠪᠴᠠᠰᠤᠨ ᠤ ᠤᠷᠠᠯᠢᠭ ᠤᠨ ᠨᠠᠶᠢᠷ ᠤᠨ ᠬᠡᠪᠯᠡᠯ ᠮᠡᠳᠡᠭᠡᠯᠡᠯ ᠤᠨ ᠬᠤᠷᠠᠯ ᠡᠴᠡ ᠤᠶᠢᠯᠠᠭᠠᠭᠰᠠᠨ ᠢᠶᠡᠷ᠂ ᠠᠷᠪᠠᠨ ᠳᠦᠷᠪᠡᠳᠦᠬᠡᠷ ᠬᠤᠭᠤᠴᠠᠭᠠᠨ ᠤ ᠮᠣᠩ᠋ᠭᠤᠯ ᠬᠤᠪᠴᠠᠰᠤᠨ ᠤ ᠤᠷᠠᠯᠢᠭ ᠤᠨ ᠨᠠᠶᠢᠷ ᠤᠨ ᠤᠷᠤᠯᠳᠤᠭᠠᠨ 11 ᠰᠠᠷ᠎ᠠ ᠶᠢᠨ 27 ᠤ ᠡᠳᠦᠷ ᠡᠴᠡ 12 ᠰᠠᠷ᠎ᠠ ᠶᠢᠨ 1 ᠤ ᠡᠳᠦᠷ ᠪᠤᠯᠲᠠᠯ᠎ᠠ ᠬᠦᠬᠡᠬᠤᠲᠠ ᠳᠤ ᠶᠠᠪᠤᠭᠳᠠᠨ᠎ᠠ᠃

    ᠤᠶᠢᠯᠠᠭᠠᠭᠰᠠᠨ ᠢᠶᠡᠷ᠂ ᠲᠤᠰ ᠬᠤᠭᠤᠴᠠᠭᠠᠨ ᠤ ᠤᠷᠠᠯᠢᠭ ᠤᠨ ᠨᠠᠶᠢᠷ ᠨᠢ ᠮᠣᠩ᠋ᠭᠤᠯ ᠬᠤᠪᠴᠠᠰᠤᠨ ᠤ ᠤᠷᠤᠯᠳᠤᠭᠠᠨ ᠢᠶᠡᠷ ᠭᠤᠤᠯᠯᠠᠬᠤ ᠪᠦᠬᠡᠳ ᠤᠷᠤᠯᠳᠤᠭᠠᠨ᠂ ᠦᠵᠡᠭᠦᠯᠦᠯᠬᠡ ᠶᠢᠨ ᠲᠤᠭᠯᠠᠯᠲᠠ᠂ ᠦᠵᠡᠰᠭᠦᠯᠡᠩ᠂ ᠳᠡᠯᠬᠡᠨ ᠪᠤᠷᠤᠯᠠᠭᠤᠯᠠᠬᠤ ᠪᠠ ᠶᠠᠷᠢᠯᠴᠠᠨ ᠰᠤᠳᠤᠯᠬᠤ ᠶᠢ ᠠᠭᠤᠰᠤᠯᠴᠠᠭᠤᠯᠤᠭᠰᠠᠨ ᠤᠷᠠᠯᠢᠭ ᠤᠨ ᠨᠠᠶᠢᠷ ᠪᠤᠯᠤᠨ᠎ᠠ᠃ ᠡᠬᠦᠨ ᠡᠴᠡ ᠭᠠᠳᠠᠨ᠎ᠠ᠂ ᠤᠯᠠᠮᠵᠢᠯᠠᠯᠲᠤ᠂ ᠰᠢᠨᠠᠴᠢᠯᠠᠯ᠂ ᠭᠤᠶᠤᠯ ᠵᠠᠰᠠᠯ ᠵᠡᠷᠭᠡ ᠤᠷᠤᠯᠳᠤᠭᠠᠨ ᠤ ᠲᠦᠷᠦᠯ ᠳᠤ ᠰᠠᠭᠤᠷᠢᠯᠠᠬᠰᠠᠨ ᠳᠤᠮᠳᠠᠳᠤ ᠪᠠᠭ᠎ᠠ ᠰᠤᠷᠭᠠᠭᠤᠯᠢ  ᠶᠢᠨ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤᠨ ᠤ ᠳ᠋ᠢᠽᠠᠶᠢᠨ ᠵᠢᠴᠢ ᠤᠶᠤᠳᠠᠳ ᠤᠨ ᠰᠢᠨᠡᠯᠡᠭ ᠳ᠋ᠢᠽᠠᠶᠢᠨ ᠤ ᠲᠦᠷᠦᠯ ᠢ ᠥᠨᠥ ᠵᠢᠯ ᠤᠨ ᠤᠷᠤᠯᠳᠤᠭᠠᠨ ᠳᠤ ᠰᠢᠨ᠎ᠠ ᠪᠡᠷ ᠨᠡᠮᠡᠭᠰᠡᠨ ᠪᠠᠶᠢᠨ᠎ᠠ᠃

    ᠲᠠᠨᠢᠯᠴᠠᠭᠤᠯᠤᠭᠰᠠᠨ ᠢᠶᠡᠷ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠵᠢᠭᠤᠯᠴᠢᠯᠠᠯ ᠬᠦᠭ᠍ᠵᠢᠭᠦᠯᠦᠯᠲᠠ ᠶᠢᠨ ᠵᠦᠪᠯᠡᠯ ᠡᠴᠡ ᠰᠠᠨᠠᠭᠠᠴᠢᠯᠠᠬᠰᠠᠨ ᠮᠣᠩ᠋ᠭᠤᠯ ᠬᠤᠪᠴᠠᠰᠤᠨ ᠤ ᠤᠷᠠᠯᠢᠭ ᠤᠨ ᠨᠠᠶᠢᠷ ᠢ 2003 ᠤᠨ ᠳᠤ ᠤᠯᠠᠭᠠᠨᠬᠠᠲᠠ ᠬᠤᠲᠠ ᠳᠤ ᠠᠩᠬ᠎ᠠ ᠵᠣᠬᠢᠶᠠᠨ ᠪᠠᠶᠢᠭᠤᠯᠤᠭᠰᠠᠨ ᠡᠴᠡ ᠠᠪᠤᠭᠠᠳ ᠤᠳᠤ ᠪᠤᠯᠲᠠᠯ᠎ᠠ ᠨᠢᠬᠡᠨᠲᠠ 13 ᠬᠤᠭᠤᠴᠠᠭ᠎ᠠ ᠵᠣᠬᠢᠶᠠᠨ ᠪᠠᠶᠢᠭᠤᠯᠵᠤ ᠪᠤᠢ᠂ ᠤᠷᠤᠯᠳᠤᠭᠠᠨ ᠳᠤ ᠤᠷᠤᠯᠴᠠᠬᠤ ᠪᠠᠭ ᠴᠤ ᠠᠩᠬᠠᠨ ᠤ 18 ᠲᠦᠯᠦᠬᠡᠯᠡᠬᠦ ᠪᠠᠭ ᠡᠴᠡ ᠪᠡᠨ ᠲᠤᠰ ᠬᠤᠭᠤᠴᠠᠭ᠎ᠠ 142 ᠪᠤᠯᠤᠨ ᠨᠡᠮᠡᠭᠳᠡᠵᠡᠢ᠃ (ᠯᠢ ᠷᠦᠢ)

ᠢᠷᠡᠯᠳᠡ᠄ ᠠᠷᠠᠳ ᠤᠨ ᠰᠦᠯᠵᠢᠶ᠎ᠠ ᠶᠢᠨ ᠥᠪᠦᠷ ᠮᠣᠩᠭ᠋ᠤᠯ ᠰᠤᠪᠠᠭ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121982283