蒙古文网站Logo
ᠰᠢᠨᠬᠤᠸᠠ ᠮᠤᠩᠭ᠋ᠤᠯ ᠨᠧᠲ

ᠠᠩᠬᠠᠳᠠᠭᠴᠢ ᠬᠤᠭᠤᠴᠠᠭᠠᠨ ᠤ ᠴᠢᠩᠭᠢᠰ ᠬᠠᠭᠠᠨ ᠤ ᠨᠠᠶ᠋ᠮᠠᠨ ᠰᠢᠷᠭ᠎ᠠ ᠶᠢᠨ ᠰᠤᠶᠤᠯ ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠲᠠ ᠳᠤ ᠶᠠᠪᠤᠭᠳᠠᠪᠠ

2017-11-21 17:53

    11 ᠰᠠᠷ᠎ᠠ ᠶᠢᠨ 20 ᠤ ᠡᠳᠦᠷ ᠤᠨ ᠦᠳᠡ ᠡᠴᠡ ᠡᠮᠦᠨ᠎ᠠ᠂ ᠴᠢᠩᠭᠢᠰ ᠬᠠᠭᠠᠨ ᠤ ᠨᠠᠶ᠋ᠮᠠᠨ ᠰᠢᠷᠭ᠎ᠠ ᠶᠢᠨ ᠰᠤᠶᠤᠯ ᠤᠨ ᠰᠤᠳᠤᠯᠤᠨ ᠶᠠᠷᠢᠯᠴᠠᠬᠤ ᠠᠩᠬᠠᠳᠠᠭᠴᠢ ᠬᠤᠷᠠᠯ ᠬᠦᠬᠡᠬᠤᠲᠠ ᠳᠤ ᠶᠠᠪᠤᠭᠳᠠᠪᠠ᠃

    ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢ ᠦᠪᠦᠷ ᠮᠣᠩᠭᠣᠯ ᠤᠨ ᠤᠮᠠᠷᠠᠲᠤ ᠶᠢᠨ ᠦᠨᠳᠦᠰᠦᠲᠡᠨ ᠤ ᠰᠤᠶᠤᠯ ᠤᠨ ᠦᠪ ᠤᠨ ᠰᠤᠳᠤᠯᠭᠠᠨ ᠤ ᠬᠤᠷᠠᠯ᠂ ᠦᠪᠦᠷ ᠮᠣᠩᠭᠣᠯ ᠤᠨ ᠴᠢᠩᠭᠢᠰ ᠬᠠᠭᠠᠨ ᠤ ᠰᠤᠷᠪᠤᠯᠵᠢ ᠪᠢᠴᠢᠭ᠌ ᠤᠨ ᠮᠦᠽᠸᠢ ᠪᠤᠯᠤᠨ ᠦᠪᠦᠷ ᠮᠣᠩᠭᠣᠯ ᠤᠨ ᠤᠷᠠᠯᠢᠭ ᠤᠨ ᠲᠡᠭᠡᠲᠤ ᠰᠤᠷᠭᠠᠭᠤᠯᠢ ᠶᠢᠨ ᠦᠨᠳᠦᠰᠦᠲᠡᠨ ᠤ ᠤᠷᠠᠯᠢᠭ ᠤᠨ ᠰᠤᠳᠤᠯᠭᠠᠨ ᠤ ᠭᠠᠵᠠᠷ ᠡᠴᠡ ᠬᠠᠮᠲᠤᠷᠠᠨ ᠰᠠᠨᠠᠭᠠᠴᠢᠯᠠᠭᠰᠠᠨ ᠶᠤᠮ᠃ ᠬᠤᠷᠠᠯ ᠳᠤ ᠤᠷᠤᠯᠴᠠᠭᠰᠠᠨ ᠲᠤᠰᠬᠠᠢ ᠮᠡᠷᠭᠡᠵᠢᠯᠲᠠᠳ ᠪᠤᠯᠤᠨ ᠡᠷᠲᠡᠮᠳᠡᠳ ᠨᠡᠶᠢᠭᠡᠮ ᠵᠢᠷᠤᠮ ᠤᠨ ᠰᠤᠶᠤᠯ ᠤᠨ ᠴᠡᠴᠡᠭᠯᠡᠨ ᠮᠠᠨᠳᠤᠬᠤ ᠶᠢ ᠠᠬᠢᠭᠤᠯᠬᠤ᠂ ᠰᠤᠶᠤᠯ ᠤᠨ ᠠᠵᠢᠯ ᠦᠢᠯᠡᠰ ᠪᠤᠯᠤᠨ ᠰᠤᠶᠤᠯ ᠤᠨ ᠠᠵᠤ ᠦᠢᠯᠡᠰ ᠤᠨ ᠬᠦᠭ᠍ᠵᠢᠯᠲᠠ ᠶᠢ ᠠᠬᠢᠭᠤᠯᠬᠤ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ ᠲᠠᠢ ᠪᠠᠨ ᠤᠶᠠᠯᠳᠤᠭᠤᠯᠤᠨ᠂ ᠴᠢᠩᠭᠢᠰ ᠬᠠᠭᠠᠨ ᠤ ᠨᠠᠶ᠋ᠮᠠᠨ ᠰᠢᠷᠭ᠎ᠠ ᠶᠢᠨ ᠰᠤᠶᠤᠯ ᠤᠨ ᠪᠠᠶᠢᠷᠢ ᠲᠤᠭᠲᠠᠭᠠᠯᠲᠠ᠂ ᠠᠭᠤᠯᠤᠭᠲᠠᠬᠤᠨ ᠵᠢᠴᠢ ᠨᠠᠶ᠋ᠮᠠᠨ ᠰᠢᠷᠭ᠎ᠠ ᠶᠢᠨ ᠵᠢᠷᠤᠭ ᠢ ᠲᠦᠯᠦᠪᠯᠡᠵᠤ ᠵᠢᠷᠤᠬᠤ ᠪᠠ ᠪᠤᠷᠤᠯᠠᠭᠤᠯᠬᠤ ᠲᠦᠰᠦᠯ ᠢ ᠭᠦᠨᠵᠡᠭᠡᠢ ᠰᠤᠳᠤᠯᠤᠨ ᠶᠠᠷᠢᠯᠴᠠᠪᠠ᠃

    ᠡᠷᠳᠡᠮᠳᠡᠳ ᠤᠨ ᠦᠵᠡᠬᠦ ᠪᠡᠷ᠂ ᠨᠠᠶ᠋ᠮᠠᠨ ᠰᠢᠷᠭ᠎ᠠ ᠶᠢᠨ ᠰᠤᠶᠤᠯ ᠤᠨ ᠠᠭᠤᠯᠬᠤᠨ ᠪᠠᠶᠠᠯᠢᠭ᠂ ᠮᠣᠩᠭᠣᠯ ᠦᠨᠳᠦᠰᠦᠲᠡᠨ ᠤ ᠰᠤᠶᠤᠯ ᠤᠨ ᠴᠢᠬᠤᠯᠠ ᠪᠦᠷᠢᠯᠳᠤᠬᠦᠨ ᠬᠡᠰᠡᠭ ᠮᠦᠨ᠂ ᠪᠠᠰᠠ ᠴᠤ ᠴᠢᠩᠭᠢᠰ ᠬᠠᠭᠠᠨ ᠤ ᠰᠤᠶᠤᠯ ᠤᠨ ᠳᠦᠷᠰᠦᠯᠢᠭ ᠢᠯᠡᠷᠡᠯ ᠶᠤᠮ᠃ ᠨᠠᠶ᠋ᠮᠠᠨ ᠰᠢᠷᠭ᠎ᠠ ᠶᠢᠨ ᠤᠷᠠᠯᠢᠭ ᠤᠨ ᠪᠦᠲᠦᠭᠡᠭ᠍ᠲᠡᠬᠦᠨ ᠢ ᠳᠠᠬᠢᠨ ᠲᠦᠰᠦᠪᠯᠡᠨ ᠦᠢᠯᠡᠳᠬᠦ ᠨᠢ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠶᠤᠯ ᠤᠨ ᠢᠳᠡᠭᠡᠯ ᠢ ᠨᠡᠮᠡᠭᠳᠡᠭᠦᠯᠦᠨ᠂ ᠰᠤᠶᠤᠯ ᠤᠨ ᠠᠵᠤ ᠦᠢᠯᠡᠰ ᠤᠨ ᠬᠦᠭ᠍ᠵᠢᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ᠃ (ᠵᠤᠤ ᠳ᠋ᠠᠨ ᠹᠸᠩ᠂ ᠢᠦᠢ ᠹᠸᠢ)

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121989886