蒙古文网站Logo
ᠰᠢᠨᠬᠤᠸᠠ ᠮᠤᠩᠭ᠋ᠤᠯ ᠨᠧᠲ

ᠲᠠᠯ᠎ᠠ ᠨᠤᠳᠤᠭ ᠲᠤ ᠨᠢᠬᠡ ᠵᠢᠷᠠᠨ ᠲᠠᠪᠬᠢᠵᠤ᠂ ᠤᠯᠠᠭᠠᠨ ᠲᠤᠭ ᠢᠶᠡᠨ ᠮᠠᠨᠳᠤᠭᠤᠯᠤᠨ ᠲᠠᠬᠢᠨᠳᠠ ᠮᠤᠷᠳᠠᠪᠠ -- ᠦᠪᠦᠷ ᠮᠤᠩᠭ᠋ᠤᠯ ᠤᠨ ᠬᠠᠮᠤᠭ ᠤᠨ ᠡᠷᠳᠡ ᠪᠠᠶᠢᠭᠤᠯᠤᠭᠳᠠᠭᠰᠠᠨ ᠤᠯᠠᠭᠠᠨᠮᠦ᠋ᠴᠢᠷ ᠢ ᠰᠤᠷᠪᠤᠯᠵᠢᠯᠠᠭᠰᠠᠨ ᠨᠢ

2017-11-24 15:20

11 ᠰᠠᠷ᠎ᠠ ᠶᠢᠨ 23 ᠤ ᠡᠳᠤᠷ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠪᠠᠭ ᠰᠠᠩᠪᠤᠯᠠᠭ ᠰᠤᠮᠤ ᠶᠢᠨ ᠡᠷᠳᠡᠨᠢᠳᠠᠯ᠎ᠠ ᠭᠠᠴᠠᠭᠠᠨ ᠤ ᠮᠠᠯᠴᠢᠳ ᠲᠤ ᠲᠤᠭᠯᠠᠯᠳᠠ ᠭᠠᠷᠭᠠᠨ ᠦᠵᠡᠬᠦᠯᠵᠤ ᠪᠤᠢ (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠧᠩ ᠬᠤᠸᠠ)

    1957 ᠤᠨ ᠳᠤ ᠰᠦᠨᠢᠳ ᠪᠠᠷᠠᠭᠤᠨ ᠬᠤᠰᠢᠭᠤᠨ ᠳᠤ 9 ᠲᠤᠭᠯᠠᠭᠴᠢ ᠪᠡᠷ ᠦᠪᠦᠷ ᠮᠤᠩᠭ᠋ᠤᠯ ᠤᠨ ᠠᠩᠬᠠᠨ ᠤ ᠤᠯᠠᠭᠠᠨᠮᠦ᠋ᠴᠢᠷ ᠤᠨ ᠪᠠᠭ ᠪᠠᠶᠢᠭᠤᠯᠤᠭᠳᠠᠭᠰᠠᠨ ᠶᠤᠮ᠃ ᠲᠡᠳᠡᠨ ᠤ ᠲᠤᠭᠯᠠᠯᠳᠠ ᠠᠮᠢᠳᠤᠯᠢᠭ᠂ ᠰᠢᠨ᠎ᠠ ᠰᠤᠷᠭᠤᠭ᠂ ᠠᠮᠢᠳᠤᠷᠠᠯ ᠲᠠᠢ ᠤᠶᠢᠷᠠᠳᠴᠦ᠂ ᠦᠵᠡᠯ ᠰᠠᠨᠠᠭ᠎ᠠ᠂ ᠤᠷᠠᠯᠢᠭ᠂ ᠰᠤᠨᠢᠷᠬᠠᠯ ᠢ ᠤᠷᠭᠠᠨᠢᠭ ᠢᠶᠡᠷ ᠨᠢᠭᠡᠳᠭᠡᠭ᠍ᠰᠡᠨ ᠢᠶᠡᠷ ᠢᠶᠡᠨ ᠲᠠᠯ᠎ᠠ ᠨᠤᠳᠤᠭ ᠤᠨ ᠢᠷᠭᠡᠳ ᠤᠨ ᠪᠠᠬᠠᠷᠬᠠᠯ ᠲᠠᠭᠠᠰᠢᠶᠠᠯ ᠢ ᠤᠯᠵᠠᠢ᠃ ᠲᠡᠭᠦᠨ ᠡᠴᠡ ᠬᠤᠶᠢᠰᠢ᠂ ᠦᠪᠦᠷ ᠮᠤᠩᠭ᠋ᠤᠯ ᠤᠨ ᠡᠯ᠎ᠡ ᠭᠠᠵᠠᠷ ᠵᠠᠯᠭᠠᠪᠡᠷ ᠤᠯᠠᠭᠠᠨᠮᠦ᠋ᠴᠢᠷ ᠤᠨ ᠪᠠᠭ ᠪᠠᠶᠢᠭᠤᠯᠵᠤ᠂ ᠤᠳᠤ ᠤᠷᠤᠨ ᠲᠠᠶᠠᠭᠠᠷ ᠲᠤ ᠤᠯᠠᠭᠠᠨᠮᠦ᠋ᠴᠢᠷ ᠤᠨ ᠪᠠᠭ 75 ᠳ᠋ᠤ ᠬᠦᠷᠴᠦ᠂ ᠵᠢᠯ ᠪᠦᠷᠢ 7000 ᠭᠠᠷᠤᠢ ᠲᠤᠭᠯᠠᠯᠳᠠ ᠭᠠᠷᠭᠠᠳᠠᠬ ᠪᠤᠯᠵᠠᠢ᠃

11 ᠰᠠᠷ᠎ᠠ ᠶᠢᠨ 23 ᠤ ᠡᠳᠤᠷ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠪᠠᠭ ᠰᠠᠩᠪᠤᠯᠠᠭ ᠰᠤᠮᠤ ᠶᠢᠨ ᠡᠷᠳᠡᠨᠢᠳᠠᠯ᠎ᠠ ᠭᠠᠴᠠᠭᠠᠨ ᠤ ᠮᠠᠯᠴᠢᠳ ᠲᠤ ᠲᠤᠭᠯᠠᠯᠳᠠ ᠭᠠᠷᠭᠠᠨ ᠦᠵᠡᠬᠦᠯᠵᠤ ᠪᠤᠢ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠧᠩ ᠬᠤᠸᠠ)

11 ᠰᠠᠷ᠎᠎ᠠ ᠶᠢᠨ 23 ᠤ ᠡᠳᠤᠷ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠪᠠᠭ ᠤᠨ ᠠᠩᠬᠠᠨ ᠤ ᠪᠦᠯᠦᠭ ᠲᠤᠭᠯᠠᠭᠴᠢ ᠶᠢᠨ ᠨᠢᠬᠡ ᠪᠤᠯᠬᠤ ᠢᠯᠠᠨ (ᠵᠡᠬᠦᠨ) ᠨᠠᠰᠤᠳᠠᠨ ᠵᠢᠬᠡ ᠤᠮᠪᠤᠯᠤ ᠦᠬᠢᠨ᠂ ᠵᠢᠴᠢ ᠦᠬᠢᠨ ᠳᠤ ᠪᠠᠨ ᠦᠩᠬᠡᠷᠡᠭᠰᠡᠨ ᠤ ᠬᠠᠭᠤᠴᠢᠨ ᠵᠢᠷᠤᠭ ᠤᠨ ᠢᠶᠡᠨ ᠦᠯᠢᠭᠡᠷ ᠢ ᠶᠠᠷᠢᠵᠦ ᠪᠠᠢᠢᠭ᠎ᠠ ᠨᠢ (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠧᠩ ᠬᠤᠸᠠ)

11 ᠰᠠᠷ᠎᠎ᠠ ᠶᠢᠨ 23 ᠤ ᠡᠳᠤᠷ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠪᠠᠭ ᠤᠨ ᠲᠡᠳ᠋ ᠲᠠᠷᠤᠭ᠎ᠠ ᠰᠠᠶᠢᠰᠢᠶᠠᠯᠳᠤ ( ᠪᠠᠷᠠᠭᠤᠨ) ᠪᠤᠯᠤᠨ ᠬᠡᠰᠢᠬᠦᠨ ᠰᠠᠷᠠᠨᠲᠡᠷᠭᠡᠯ ᠬᠠᠮᠳᠤ ᠳᠤ ᠪᠠᠨ ᠬᠦᠭ᠍ᠵᠢᠮ ᠤᠨ ᠨᠤᠲ ᠰᠤᠷᠤᠯᠴᠠᠵᠤ ᠪᠤᠢ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠧᠩ ᠬᠤᠸᠠ)

11 ᠰᠠᠷ᠎᠎ᠠ ᠶᠢᠨ 23 ᠤ ᠡᠳᠤᠷ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠪᠠᠭ ᠤᠨ ᠬᠡᠰᠢᠬᠦᠳ ᠬᠤᠰᠢᠭᠤᠨ ᠤ ᠪᠠᠨ ᠰᠤᠶᠤᠯ ᠤᠨ ᠲᠦᠪ ᠲᠤ ᠪᠤᠯᠪᠠᠰᠤᠷᠠᠵᠤ ᠪᠤᠢ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠧᠩ ᠬᠤᠸᠠ)

2017 ᠤᠨ ᠤ 8 ᠰᠠᠷ᠎ᠠ ᠶᠢᠨ 5 ᠤ ᠤᠷᠤᠢ᠂ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢᠨ ᠰᠤᠶᠤᠯ ᠤᠷᠠᠯᠢᠭ ᠤᠨ ᠲᠤᠭᠯᠠᠯᠳᠠ ᠦᠪᠦᠷ ᠮᠤᠩᠭ᠋ᠤᠯ ᠤᠨ ᠰᠦᠨᠢᠳ ᠪᠠᠷᠠᠭᠤᠨ ᠬᠤᠰᠢᠭᠤᠨ ᠳᠤ ᠶᠠᠪᠤᠭᠳᠠᠵᠤ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠨᠠᠶᠢᠷᠠᠯ ᠲᠠᠭᠤᠤ ᠲᠠᠭᠤᠯᠠᠵᠤ ᠪᠤᠢ (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠧᠩ ᠬᠤᠸᠠ)

1996 ᠤᠨ ᠳᠤ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠪᠠᠭ ᠤᠨ ᠬᠡᠰᠢᠬᠦᠳ ᠮᠠᠯᠵᠢᠬᠤ ᠤᠷᠤᠨ ᠳᠤ ᠲᠤᠭᠯᠠᠯᠳᠠ ᠭᠠᠷᠭᠠᠵᠤ ᠪᠤᠢ (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠪᠠᠶᠠᠰᠬᠤᠯᠠᠩ)

2007 ᠤᠨ ᠤ 8 ᠰᠠᠷ᠎ᠠ ᠶᠢᠨ 23 ᠤ ᠡᠳᠤᠷ᠂ ᠤᠯᠠᠭᠠᠨᠮᠦ᠋ᠴᠢᠷ ᠪᠠᠢᠭᠤᠯᠤᠭᠳᠠᠭᠰᠠᠨ 50 ᠵᠢᠯ ᠤᠨ ᠤᠢ ᠶᠢᠨ ᠪᠠᠶᠠᠷ ᠢ ᠦᠪᠦᠷ ᠮᠤᠩᠭ᠋ᠤᠯ ᠤᠨ ᠰᠦᠨᠢᠳ ᠪᠠᠷᠠᠭᠤᠨ ᠬᠤᠰᠢᠭᠤᠨ ᠳᠤ ᠳᠡᠮᠳᠡᠭᠯᠡᠵᠤ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠦᠵᠡᠭᠴᠢᠳ ᠲᠤ ᠡᠷᠳᠡ ᠦᠶ᠎ᠡ ᠶᠢᠨ ᠤᠯᠠᠭᠠᠨᠮᠦ᠋ᠴᠢᠷ ᠤᠨ ᠲᠤᠭᠯᠠᠭᠴᠢᠳ ᠤᠨ ᠢᠶᠡᠨ ᠮᠤᠷᠢᠨ ᠲᠡᠷᠭᠡ ᠪᠡᠷ ᠬᠦᠳᠡᠭᠡ ᠪᠠᠭᠤᠵᠤ ᠲᠤᠭᠯᠠᠯᠳᠠ ᠭᠠᠷᠭᠠᠵᠤ ᠪᠠᠶᠢᠭᠰᠠᠨ ᠦᠵᠡᠭᠳᠡᠯ ᠢ ᠲᠤᠬᠯᠠᠨ ᠬᠠᠷᠠᠭᠤᠯᠪᠠ(ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠿᠧᠨ ᠵᠢᠶᠦ᠋ᠨ ᠴᠤᠸᠠᠨ)

1973 ᠤᠨ ᠤ 8 ᠰᠠᠷ᠎ᠠ ᠳᠤ᠂ ᠤᠳᠤᠭ ᠬᠤᠰᠢᠭᠤᠨ ᠤ ᠤᠯᠠᠭᠠᠨᠮᠦ᠋ᠴᠢᠷ ᠤᠨ ᠪᠠᠭ ᠡᠯᠡᠰᠦ ᠮᠠᠡᠭᠬ᠎ᠠ ᠶᠢ ᠲᠤᠭᠤᠯᠵᠤ ᠲᠤᠭᠯᠠᠯᠳᠠ ᠭᠠᠷᠭᠠᠬᠤ ᠪᠡᠷ ᠶᠠᠪᠤᠵᠤ ᠪᠠᠶᠢᠭ᠎ᠠ ᠨᠢ ( ᠵᠢᠷᠤᠭ ᠢ ᠴᠧᠨ ᠵᠢᠶᠦ᠋ᠨ ᠱᠠᠨ)

 

2011 ᠤᠨ ᠤ 7 ᠰᠠᠷ᠎ᠠ ᠶᠢᠨ 18 ᠤ ᠡᠳᠤᠷ᠂ ᠶᠤᠸᠠᠨ ᠤ ᠲᠡᠭᠡᠳᠤ ᠨᠡᠶᠢᠰᠯᠡᠯ ᠤᠨ ᠠᠶᠠᠯᠠᠯ ᠵᠢᠭᠤᠯᠴᠢᠯᠠᠯ ᠤᠨ ᠰᠤᠶᠤᠯ ᠤᠨ ᠪᠠᠶᠠᠷ ᠢᠶᠡᠷ ᠰᠢᠯᠤᠭᠤᠨ ᠬᠦᠬᠡ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠲᠤᠭᠯᠠᠯᠳᠠ ᠭᠠᠷᠭᠠᠵᠤ ᠪᠤᠢ (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠿᠧᠨ ᠵᠢᠶᠦ᠋ᠨ ᠴᠤᠸᠠᠨ)

ᠢᠷᠡᠯᠳᠡ᠄ ᠰᠢᠨᠬᠤᠸᠠ ᠬᠤᠷᠢᠶ᠎ᠠ  ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122004878