蒙古文网站Logo
ᠰᠢᠨᠬᠤᠸᠠ ᠮᠤᠩᠭ᠋ᠤᠯ ᠨᠧᠲ

ᠠᠷᠪᠠᠨ ᠳᠦᠷᠪᠡᠳᠦᠬᠡᠷ ᠬᠤᠭᠤᠴᠠᠭᠠᠨ ᠤ ᠳᠤᠮᠳᠠᠳᠤ ᠤᠯᠤᠰ ᠤᠨ ᠮᠣᠩ᠋ᠭᠤᠯ ᠬᠤᠪᠴᠠᠰᠤᠨ ᠤ ᠤᠷᠠᠯᠢᠭ ᠤᠨ ᠨᠠᠶᠢᠷ ᠡᠬᠢᠯᠡᠪᠡ

2017-11-28 15:05

    ᠰᠢᠨᠬᠤᠧᠠ ᠬᠤᠷᠢᠶ᠎ᠠ  ᠬᠦᠬᠡᠬᠤᠲᠠ ᠶᠢᠨ 11 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠯᠢ ᠶᠦᠨ ᠫᠢᠩ) 5 ᠡᠳᠦᠷ ᠶᠠᠪᠤᠭᠳᠠᠬᠤ ᠠᠷᠪᠠᠨ ᠳᠦᠷᠪᠡᠳᠦᠬᠡᠷ ᠬᠤᠭᠤᠴᠠᠭᠠᠨ ᠤ ᠳᠤᠮᠳᠠᠳᠤ ᠤᠯᠤᠰ ᠤᠨ ᠮᠣᠩ᠋ᠭᠤᠯ ᠬᠤᠪᠴᠠᠰᠤᠨ ᠤ ᠤᠷᠠᠯᠢᠭ ᠤᠨ ᠨᠠᠶᠢᠷ 27 ᠤ ᠡᠳᠦᠷ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠬᠦᠬᠡᠬᠤᠳᠠᠨ᠎ᠠ ᠨᠡᠬᠡᠬᠡᠯᠲᠠ ᠪᠡᠨ ᠬᠢᠪᠠ᠂ ᠮᠢᠩᠭ᠎ᠠ ᠭᠠᠷᠤᠢ ᠵᠠᠬᠪᠤᠷ ᠤᠨ ᠮᠣᠩ᠋ᠭᠤᠯ ᠬᠤᠪᠴᠠᠰᠤ ᠨᠢ ᠦᠵᠡᠭᠴᠢᠳ ᠲᠤ 《ᠪᠡᠶ᠎ᠠ ᠳ᠋ᠡᠬᠡᠨ ᠡᠮᠦᠰᠦᠭᠰᠡᠨ ᠰᠤᠶᠤᠯ ᠪᠠ ᠲᠡᠤᠭᠡ》 ᠶ᠋ᠢ ᠬᠠᠷᠠᠭᠤᠯᠤᠭᠰᠠᠨ ᠪᠠᠶᠢᠨ᠎ᠠ᠃

    ᠦᠨᠳᠦᠰᠦᠲᠠᠨ ᠤ ᠬᠤᠪᠴᠠᠰᠤ ᠶᠢ《ᠪᠡᠶ᠎ᠠ ᠳ᠋ᠡᠬᠡᠨ ᠡᠮᠦᠰᠦᠭᠰᠡᠨ ᠰᠤᠶᠤᠯ ᠪᠠ ᠲᠡᠤᠭᠡ》ᠬᠡᠮᠡᠳᠡᠭ ᠪᠦᠬᠡᠳ ᠲᠡᠷᠡ ᠨᠢ ᠢᠯᠡ ᠲᠤᠳᠤ ᠦᠨᠳᠦᠰᠦᠲᠠᠨ ᠤ ᠣᠨᠴᠠᠯᠢᠭ ᠲᠠᠢ᠃ 800 ᠭᠠᠷᠤᠢ ᠵᠢᠯ ᠤᠨ ᠲᠡᠤᠬᠡ ᠲᠠᠢ ᠮᠣᠩᠭ᠋ᠤᠯ ᠦᠨᠳᠦᠰᠦᠲᠠᠨ ᠤ ᠤᠯᠠᠮᠵᠢᠯᠠᠯᠲᠤ ᠬᠤᠪᠴᠠᠰᠤ ᠪᠤᠯ ᠳᠤᠮᠳᠠᠳᠤ ᠤᠯᠤᠰ ᠤᠨ ᠬᠤᠪᠤᠷ ᠨᠠᠨᠳᠢᠨ ᠪᠡᠶᠡᠲᠤ ᠪᠤᠰᠤ ᠰᠤᠶᠤᠯ ᠤᠨ ᠥᠪ ᠶᠤᠮ᠃ ᠥᠪᠦᠷ ᠮᠣᠩᠭ᠋ᠤᠯ 2012 ᠤᠨ ᠳᠤ 《ᠮᠣᠩᠭ᠋ᠤᠯ ᠦᠨᠳᠦᠰᠦᠲᠠᠨ ᠤ ᠠᠶᠢᠮᠠᠭ ᠤᠬᠰᠠᠭᠠᠨ ᠤ ᠬᠤᠪᠴᠠᠰᠤ》 ᠶ᠋ᠢᠨ ᠤᠷᠤᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠭᠰᠡᠨ ᠢᠶᠡᠷ᠂ ᠮᠣᠩᠭ᠋ᠤᠯ ᠬᠤᠪᠴᠠᠰᠤᠨ ᠤ ᠤᠶᠤᠳᠠᠯ ᠪᠠ ᠬᠡᠷᠡᠭᠯᠡᠬᠡ ᠶᠢ ᠳᠦᠷᠢᠮᠵᠢᠬᠦᠯᠬᠦ ᠳᠤ ᠦᠨᠳᠤᠰᠦᠯᠡᠯ ᠬᠠᠩᠭ᠋ᠠᠬᠰᠠᠨ ᠤ ᠵᠡᠷᠭᠡᠴᠡᠭᠡ ᠦᠨᠳᠦᠰᠦᠲᠠᠨ ᠤ ᠰᠤᠶᠤᠯ ᠢᠶᠡᠨ ᠬᠠᠮᠠᠭᠠᠯᠠᠬᠤ ᠪᠠ ᠦᠪᠯᠡᠬᠦ ᠳᠤ ᠰᠢᠨ᠎ᠠ ᠠᠷᠭ᠎ᠠ ᠵᠠᠮ ᠨᠡᠭᠡᠭᠡᠭ᠍ᠰᠡᠨ ᠪᠠᠶᠢᠨ᠎ᠠ᠃

    ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠵᠢᠭᠤᠯᠴᠢᠯᠠᠯ ᠬᠦᠭ᠍ᠵᠢᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠵᠠᠩ ᠢᠥᠢ ᠵᠢᠶᠦ᠋ᠨ ᠤ ᠲᠠᠨᠢᠯᠴᠠᠭᠤᠯᠤᠭᠰᠠᠨ ᠢᠶᠡᠷ᠂ ᠲᠤᠰ ᠬᠤᠭᠤᠴᠠᠭᠠᠨ ᠤ ᠤᠷᠠᠯᠢᠭ ᠤᠨ ᠨᠠᠶᠢᠷ ᠲᠤ ᠭᠤᠤᠯᠳᠠᠭᠤ ᠨᠡᠭᠡᠭᠡᠯᠲᠠ ᠶᠢᠨ ᠶᠤᠰᠤᠯᠠᠯ᠂ ᠮᠣᠩ᠋ᠭᠤᠯ ᠬᠤᠪᠴᠠᠰᠤ ᠵᠠᠬᠪᠤᠷ ᠤᠨ ᠤᠷᠤᠯᠳᠤᠭᠠᠨ᠂ ᠮᠣᠩ᠋ᠭᠤᠯ ᠬᠤᠪᠴᠠᠰᠤᠨ ᠤ ᠦᠵᠡᠰᠭᠦᠯᠡᠩ ᠪᠠ ᠳᠡᠯᠬᠡᠨ ᠪᠤᠷᠤᠯᠠᠭᠤᠯᠠᠬᠤ ᠵᠡᠷᠭᠡ ᠠᠵᠢᠯᠯᠠᠭ᠎ᠠ ᠶᠢ ᠬᠠᠮᠦᠷᠴᠤ᠂ ᠪᠠᠰᠠ ᠳᠤᠮᠳᠠᠳᠤ ᠪᠠᠭ᠎ᠠ ᠰᠤᠷᠭᠠᠭᠤᠯᠢ  ᠶᠢᠨ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤᠨ ᠤ ᠳ᠋ᠢᠽᠠᠶᠢᠨ ᠵᠢᠴᠢ ᠤᠶᠤᠳᠠᠳ ᠤᠨ ᠰᠢᠨᠡᠯᠡᠭ ᠳ᠋ᠢᠽᠠᠶᠢᠨ ᠤ ᠲᠦᠷᠦᠯ ᠢ ᠳᠡᠯᠬᠡᠨ ᠦᠵᠡᠭᠦᠯᠬᠦ ᠠᠵᠢᠯᠯᠠᠭ᠎ᠠ ᠨᠡᠮᠡᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122022643